ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ | 26 ᠤ ᠡᠳᠦᠷ ᠠᠯᠪᠠᠨ ᠵᠠᠷ ᠨᠡᠶᠢᠲᠡᠯᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠢᠴᠢ ᠲᠡᠭᠦᠨ ᠢ | ᠬᠡᠷᠡᠭᠵᠢᠭᠦᠯᠬᠦ ᠲᠦᠷᠢᠮ ᠢ ᠦᠨᠳᠦᠰᠦᠯᠡᠨ᠂ ︽ᠤᠯᠠᠮᠵᠢᠯᠠᠯᠲᠤ ᠢᠳᠡᠭᠡᠨ ᠪᠣᠯᠬᠤ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ ᠪᠤᠯᠬᠤ ᠪᠣᠳᠠᠰ ᠤᠨ ᠭᠠᠷᠴᠠᠭ ᠤᠨ | ᠬᠠᠮᠢᠶᠠᠷᠤᠯᠲᠠ ᠶᠢᠨ ᠲᠣᠭᠲᠠᠭᠠᠯ︾ ᠶᠣᠰᠣᠭᠠᠷ᠂ ᠠᠶᠤᠯᠭᠦᠶ ᠴᠢᠨᠠᠷ ᠤᠨ ᠦᠨᠡᠯᠡᠨ ᠵᠢᠱᠢᠯᠲᠡ ᠬᠢᠬᠦ ᠪᠠᠷ ᠳᠡᠮᠵᠢᠨ᠂ ᠡᠳᠦᠭᠡ ᠬᠤᠷᠤᠭᠤᠪᠴᠢᠨ ᠴᠡᠴᠡᠭ᠂ ᠦᠨᠳᠦᠰᠦᠨ | ᠠᠷᠪᠠᠢ᠂ ᠬᠡᠷᠢᠶᠡᠨ ᠨᠢᠳᠦ᠂ ᠵᠦᠷᠵᠢ ᠶᠢᠨ ᠤᠯᠠᠭᠠᠨ ᠵᠡᠷᠭᠡ ᠵᠦᠢᠯ ᠤᠨ ᠪᠣᠳᠠᠰ ᠢ ᠤᠯᠠᠮᠵᠢᠯᠠᠯᠲᠤ ᠢᠳᠡᠭᠡᠨ ᠮᠥᠷᠲᠡᠭᠡᠨ ᠪᠠᠰᠠ ᠬᠢᠲᠠᠳ ᠡᠮ ᠤᠨ ᠮᠠᠲ᠋ᠧᠷᠢᠶᠠᠯ ᠪᠤᠯᠬᠤ | ᠪᠣᠳᠠᠰ ᠤᠨ ᠭᠠᠷᠴᠠᠭ ᠲᠤ ᠣᠷᠣᠭᠤᠯᠪᠠ᠃ | ᠬᠤᠷᠤᠭᠤᠪᠴᠢᠨ ᠴᠡᠴᠡᠭ᠂ ᠦᠨᠳᠦᠰᠦᠨ ᠠᠷᠪᠠᠢ᠂ ᠬᠡᠷᠢᠶᠡᠨ ᠨᠢᠳᠦ᠂ ᠵᠦᠷᠵᠢ ᠶᠢᠨ ᠤᠯᠠᠭᠠᠨ (地黄᠂ 麦冬᠂ 天冬᠂ 化橘) | ᠵᠡᠷᠭᠡ 4 ᠵᠦᠢᠯ ᠤᠨ ᠰᠢᠨ᠎ᠡ ᠪᠠᠷ ᠨᠡᠮᠡᠭᠳᠡᠭᠰᠡᠨ ᠢᠳᠡᠭᠡᠨ ᠪᠠ ᠡᠮ ᠤᠨ ᠪᠣᠳᠠᠰ ᠲᠤ ᠭᠤᠤᠯᠳᠠᠭᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠵᠠᠷᠴᠢᠮ ᠪᠠ ᠠᠷᠭ᠎ᠠ ᠶᠢ ᠬᠡᠷᠡᠭᠯᠡᠨ ᠠᠮᠤᠷ ᠲᠦᠪᠰᠢᠨ ᠤ ᠴᠢᠨᠠᠷᠲᠠᠶ ᠦᠨᠡᠯᠡᠨ ᠵᠢᠱᠢᠯᠲᠡ ᠬᠢᠬᠦ ᠶᠢᠨ ᠬᠠᠮᠲᠤ᠂ ᠲᠡᠭᠦᠨ ᠤ ᠮᠠᠨ ᠤ ᠤᠯᠤᠰ ᠤᠨ ᠤᠯᠠᠮᠵᠢᠯᠠᠯᠲᠤ | ᠢᠳᠡᠭᠡᠨ ᠪᠣᠯᠬᠤ ᠶᠢᠨ ᠬᠤᠪᠢ ᠳᠤ ᠢᠳᠡᠬᠦ ᠪᠠᠶᠢᠳᠠᠯ ᠵᠢᠴᠢ ᠣᠷᠣᠨ ᠨᠤᠲᠤᠭ ᠤᠨ ᠬᠠᠮᠢᠶ᠎ᠠ ᠪᠥᠬᠦᠶ ᠢᠳᠡᠭᠡᠨ ᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠶᠢ ᠶᠡᠷᠦᠩᠬᠡᠶᠢᠯᠡᠨ ᠪᠣᠳᠣᠯᠬᠢᠯᠠᠬᠰᠠᠨ ᠰᠠᠭᠤᠷᠢᠨ ᠲᠡᠭᠡᠷ᠎ᠡ ᠶᠡᠷᠦᠩᠬᠡᠶᠢᠯᠡᠨ ᠨᠤᠲᠠᠯᠠᠵᠤ ᠲᠣᠭᠲᠠᠭᠠᠪᠠ᠃ ᠢᠳᠡᠭᠡᠨ | ᠪᠠ ᠡᠮ ᠤᠨ ᠪᠣᠳᠠᠰ ᠪᠤᠯᠬᠤ ᠶᠢᠨ ᠬᠤᠪᠢ ᠳᠤ᠂ ᠤᠯᠠᠮᠵᠢᠯᠠᠯᠲᠤ ᠠᠷᠭ᠎ᠠ ᠬᠡᠯᠪᠡᠷᠢ ᠪᠠᠷ ᠵᠣᠬᠢᠰᠲᠠᠶ ᠢᠳᠡᠵᠦ᠂ ᠵᠢᠷᠮᠦᠰᠦᠨ ᠡᠮᠡᠭᠲᠡᠶ᠂ ᠬᠥᠬᠦᠭᠦᠯ ᠬᠤᠭᠤᠴᠠᠭᠠᠨ ᠤ | ᠡᠮᠡᠭᠲᠡᠶᠢᠴᠦᠳ ᠵᠢᠴᠢ ᠨᠢᠯᠬ᠎ᠠ ᠬᠡᠦᠬᠡᠳ ᠵᠡᠷᠭᠡ ᠣᠨᠴᠠᠭᠠᠶ ᠬᠥᠮᠦᠰ ᠲᠤ ᠢᠳᠡᠬᠦᠯᠬᠦ ᠥᠬᠡᠶ ᠪᠠᠶᠢᠬᠤ ᠶᠢ ᠰᠠᠨᠠᠭᠤᠯᠤᠶ᠎ᠠ᠃ ᠳᠡᠭᠡᠷ᠎ᠡ ᠳᠤᠷᠠᠳᠤᠭᠰᠠᠨ ᠪᠣᠳᠠᠰ ᠢ | ᠡᠷᠡᠭᠦᠯᠵᠢᠯ ᠤᠨ ᠢᠳᠡᠭᠡᠨ ᠤ ᠲᠦᠭᠦᠬᠡᠢ ᠡᠳ᠋ ᠪᠣᠯᠭᠠᠨ ᠬᠡᠷᠡᠭᠯᠡᠬᠦ ᠳᠡᠭᠡᠨ ᠡᠷᠡᠭᠦᠯᠵᠢᠯ ᠤᠨ ᠢᠳᠡᠭᠡᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ | ᠬᠡᠷᠡᠭᠲᠡᠢ︔ ᠬᠢᠲᠠᠳ ᠡᠮ ᠤᠨ ᠮᠠᠲ᠋ᠧᠷᠢᠶᠠᠯ ᠪᠣᠯᠭᠠᠨ ᠬᠡᠷᠡᠭᠯᠡᠬᠦ ᠳᠡᠭᠡᠨ ᠬᠢᠲᠠᠳ ᠡᠮ ᠤᠨ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ | ᠬᠡᠷᠡᠭᠲᠡᠶ᠃ |