ᠨᠠᠷᠠᠰᠤ ᠶᠢᠨ ᠰᠦᠯᠵᠢᠶᠠᠨ ᠳᠡᠭᠡᠷᠡᠬᠢ ᠠᠶ᠎ᠠ ᠳᠠᠭᠤᠨ ᠤ ᠲᠣᠭᠯᠠᠯᠲᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/28
    ᠣᠶᠢᠷ᠎ᠠ ᠶᠢᠨ ᠡᠳᠦᠷ᠂ ᠳᠠᠭᠤᠴᠢᠨ ᠨᠠᠷᠠᠰᠤ ᠶᠢᠨ ᠰᠦᠯᠵᠢᠶᠠᠨ ᠳᠡᠭᠡᠷᠡᠬᠢ ᠠᠶ᠎ᠠ ᠳᠠᠭᠤᠨ ᠤ ᠲᠤᠰᠬᠠᠢ ᠲᠠᠯᠠᠪᠠᠢ ᠶᠢᠨ ᠲᠣᠭᠯᠠᠯᠲᠠ ᠬᠠᠩᠬᠢᠨ ᠬᠤᠰᠢᠭᠤᠨ ᠤ ᠬᠥᠪᠴᠢ ᠶᠢᠨ ᠡᠯᠡᠰᠦᠨ ᠳᠠᠬᠢ ᠶᠧ ᠮᠢᠩ ᠱᠠ ᠵᠢᠭᠤᠯᠴᠢᠯᠠᠯ ᠤᠨ ᠣᠷᠣᠨ ᠳᠤ ᠶᠠᠪᠤᠭᠳᠠᠭᠰᠠᠨ ᠪᠠᠶᠢᠨ᠎ᠠ ᠲᠣᠭᠯᠠᠯᠲᠠ ᠨᠢ ᠰᠢᠨᠬᠤᠸᠠ ᠰᠦᠯᠵᠢᠶ᠎ᠡ᠂ ᠲᠧᠩ ᠰᠢᠶᠦ᠋ᠨ ᠸᠢᠳᠢᠤ᠋᠂ ᠲᠢᠺ ᠲᠤᠺ᠂ ᠸᠢᠴᠠᠲ ᠵᠡᠷᠭᠡ ᠣᠯᠠᠨ ᠵᠠᠭᠤᠴᠢᠯᠠᠭᠤᠷ ᠤᠨ ᠳᠠᠪᠴᠠᠩ ᠢᠶᠠᠷ ᠰᠢᠭᠤᠳ ᠨᠡᠪᠲᠡᠷᠡᠭᠦᠯᠵᠤ᠂ ᠰᠢᠭᠤᠳ ᠨᠡᠪᠲᠡᠷᠡᠭᠦᠯᠭᠡ ᠶᠢ ᠨᠡᠶᠢᠲᠡ 270.94 ᠲᠦᠮᠡ ᠭᠠᠷᠤᠢ ᠬᠥᠮᠥᠨ ᠤᠳᠠᠭ᠎ᠠ ᠰᠣᠨᠢᠷᠬᠠᠭᠰᠠᠨ ᠪᠠᠶᠢᠨ᠎ᠠ᠃ ︽ᠰᠠᠶᠢᠬᠠᠨ︾ ︽ᠢᠷᠦᠭᠡᠯ ᠰᠡᠷᠭᠦᠭᠰᠡᠨ ᠪᠠᠶᠠᠷ︾ ︽ᠨᠠᠶᠢᠷ ᠤᠨ ᠳᠠᠭᠤᠤ︾ ︽ᠬᠤᠯᠠ ᠶᠢᠨ ᠲᠡᠷᠭᠡᠯ ᠬᠥᠳᠡᠭᠡ︾ ᠵᠡᠷᠭᠡ 18 ᠳᠠᠭᠤᠤ ᠪᠠᠷ ᠰᠣᠨᠣᠰᠤᠭᠴᠢ ᠪᠠᠨ ᠪᠠᠶᠠᠰᠬᠠᠬᠤ ᠶᠢᠨ ᠬᠠᠮᠲᠤ ᠲᠥᠷᠥᠭᠰᠡᠨ ᠨᠤᠲᠤᠭ ᠬᠠᠩᠬᠢᠨ ᠬᠤᠰᠢᠭᠤ᠂ ᠬᠥᠪᠴᠢ ᠶᠢᠨ ᠡᠯᠡᠰᠦ᠂ ᠬᠠᠩᠭᠢᠨ ᠬᠤᠰᠢᠭᠤᠨ ᠤ ᠰᠣᠶᠣᠯ ᠵᠢᠭᠤᠯᠴᠢᠯᠠᠯ ᠤᠨ ᠡᠬᠢ ᠰᠤᠷᠪᠤᠯᠵᠢ ᠶᠢ ᠪᠦᠬᠦ᠋ᠢᠯᠡ ᠰᠦᠯᠵᠢᠶᠡᠨ ᠨᠠᠶᠢᠵᠠ ᠨᠠᠷ ᠲᠤ ᠪᠠᠨ ᠲᠠᠨᠢᠯᠴᠠᠭᠤᠯᠵᠤ᠂ ᠣᠯᠠᠨ ᠲᠦᠮᠡᠨ ᠢ ᠥᠪᠥᠷ ᠮᠣᠩᠭᠤᠯ᠂ ᠬᠠᠩᠭᠢᠨ ᠬᠤᠰᠢᠭᠤᠨ ᠳᠤ ᠢᠷᠡᠵᠤ ᠵᠤᠭᠠᠴᠠᠬᠤ ᠶᠢ ᠤᠷᠢᠶᠠᠯᠠᠭᠰᠠᠨ ᠪᠠᠶᠢᠨ᠎ᠠ᠃     ᠣᠶᠢᠷ᠎ᠠ ᠶᠢᠨ ᠵᠢᠯ ᠳᠤ᠂ ᠬᠠᠩᠭᠢᠨ ᠬᠤᠰᠢᠭᠤ ᠣᠷᠣᠨ ᠨᠤᠲᠤᠭ ᠤᠨ ᠰᠣᠶᠣᠯ ᠤᠨ ᠳᠠᠯᠳᠠ ᠬᠦᠴᠦᠨ ᠢ ᠭᠦᠢᠴᠡᠳ ᠠᠭᠤᠳᠠᠯᠯᠠᠵᠤ᠂ ᠡᠬᠢ ᠪᠠᠶᠠᠯᠢᠭ ᠪᠠ ᠨᠡᠷᠡᠳᠦ ᠲᠥᠷᠥᠯ ᠲᠡᠮᠳᠡᠭᠲᠦ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠤᠯᠠᠨ ᠠᠷᠭ᠎ᠠ ᠬᠡᠮᠵᠢᠶ᠎ᠡ ᠪᠠᠷ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠠᠯᠳᠠᠷᠰᠢᠯ ᠢ ᠳᠠᠰᠤᠷᠠᠯᠲᠠ ᠦᠭᠡᠢ ᠥᠷᠭᠡᠳᠬᠡᠪᠡ᠃ ᠲᠣᠰ ᠤᠳᠠᠭᠠᠨ ᠤ ᠲᠣᠭᠯᠠᠯᠲᠠ ᠨᠢ ᠳᠠᠭᠤᠴᠢᠳ ᠤᠨ ᠬᠠᠷᠠᠭᠠᠨ ᠠᠴᠠ ᠦᠵᠡᠭᠴᠢᠳ ᠢ ᠳᠠᠭᠠᠭᠤᠯᠤᠨ ᠲᠣᠭᠯᠠᠯᠲᠠ ᠶᠢ ᠰᠣᠨᠢᠷᠬᠠᠭᠤᠯᠵᠤ᠂ Vlog ᠬᠡᠯᠪᠡᠷᠢ ᠪᠠᠷ ᠨᠠᠷᠢᠨ ᠵᠦᠢᠯᠡᠰ ᠢ ᠲᠡᠮᠲᠡᠭᠯᠡᠬᠦ ᠶᠢᠨ ᠬᠠᠮᠲᠤ ᠳᠡᠯᠭᠡᠨ ᠦᠵᠡᠭᠦᠯᠵᠤ᠂ ᠲᠣᠭᠯᠠᠯᠲᠠ ᠶᠢᠨ ᠠᠷᠤ ᠳᠠᠬᠢ ᠴᠢᠷᠮᠠᠶᠢᠯᠭ᠎ᠠ ᠪᠠ ᠭᠤᠶᠢᠳᠠ ᠰᠠᠶᠢᠬᠠᠨ ᠢ ᠦᠵᠡᠭᠴᠢᠳ ᠲᠤ ᠮᠡᠳᠡᠷᠡᠭᠦᠯᠵᠤ ᠴᠢᠳᠠᠭᠰᠠᠨ ᠮᠥᠷᠲᠡᠭᠡᠨ ᠬᠠᠩᠭᠢᠨ ᠬᠤᠰᠢᠭᠤᠨ ᠤ ᠰᠣᠶᠣᠯ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠪᠠᠰᠠ ᠨᠢᠭᠡᠨ ᠰᠢᠨ᠎ᠡ ᠠᠷᠭ᠎ᠠ ᠬᠡᠮᠵᠢᠶ᠎ᠡ ᠪᠣᠯᠵᠤ ᠴᠢᠳᠠᠭᠰᠠᠨ ᠪᠠᠶᠢᠨ᠎ᠠ᠃
29AA8416D6351AB6639BE2B855B2F3FE.png
C1A633B02ADC9456F7D772580D291774.png
3D1497236A079533DB00DC59284B98F5.png
6F5DC63E234A2815DD6CD97EE68D73B9.png
27ADB4A9320E09CD5E3B4C21CA77224A.png
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ