ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/8/28
ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠵᠥᠪᠯᠡᠯ ᠤᠨ ᠠᠯᠪᠠᠨ ᠭᠡᠷ᠂ ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2024 ᠣᠨ ᠤ 1 ᠰᠠᠷ᠎ᠠ ᠶᠢᠨ 26 ᠤ ᠡᠳᠦᠷ                             ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶     ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶     1 ᠶᠡᠷᠦᠩᠬᠡᠢ ᠳᠦᠷᠢᠮ     1.1 ᠨᠠᠶᠢᠷᠠᠭᠤᠯᠤᠨ ᠵᠣᠬᠢᠶᠠᠬᠤ ᠵᠣᠷᠢᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠤᠨ ᠬᠡᠷᠡᠭ᠂ ᠠᠳᠡᠯ ᠤᠨ ᠭᠠᠢ ᠭᠠᠮᠰᠢᠭ ᠤᠨ ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ︵ᠳᠣᠷᠣᠭᠰᠢ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠭᠡᠵᠦ ᠲᠣᠪᠴᠢᠯᠠᠨ᠎ᠠ︶ ᠭᠠᠷᠤᠭᠰᠠᠨ ᠤ ᠳᠠᠷᠠᠭ᠎ᠠ᠂ ᠡᠯ᠎ᠡ ᠵᠦᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠶᠠᠪᠤᠭᠳᠠᠵᠤ᠂ ᠪᠦᠬᠦ ᠬᠤᠳᠠ ᠶᠢᠨ ᠡᠯ᠎ᠡ ᠱᠠᠲᠤᠨ ᠤ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠮᠥᠨ ᠤ ᠦᠬᠦᠯ ᠰᠢᠷᠬᠠᠲᠤᠯ ᠪᠠ ᠡᠷᠡᠭᠦᠯ ᠮᠡᠨᠳᠤ ᠶᠢᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠪᠠ᠃     1.2 ᠨᠠᠶᠢᠷᠠᠭᠤᠯᠤᠨ ᠵᠣᠬᠢᠶᠠᠬᠤ ᠦᠨᠳᠦᠰᠦᠯᠡᠯ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠴᠢᠨᠠᠷᠲᠠᠢ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠢᠴᠢ ︽ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠤᠯᠤᠰ ᠤᠨ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ︽ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵ᠲᠤᠷᠰᠢᠨ ᠬᠡᠷᠡᠭᠵᠢᠭᠦᠯᠬᠦ︶︾ ︽ᠪᠠᠶᠠᠨᠨᠠᠭᠤᠷ ᠬᠤᠳᠠ ᠶᠢᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵2023 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠪᠡᠯᠡᠳᠬᠡᠯ ᠲᠥᠰᠥᠯ ᠢ ᠦᠨᠳᠦᠰᠦᠯᠡᠨ ᠲᠤᠰ ᠪᠡᠯᠡᠳᠬᠡᠯ ᠲᠥᠰᠥᠯ ᠢ ᠲᠣᠭᠲᠠᠭᠠᠪᠠ᠃     1.3 ᠬᠡᠷᠡᠭᠯᠡᠬᠦ ᠬᠡᠪᠴᠢᠶ᠎ᠡ     ᠲᠣᠰ ᠪᠡᠯᠡᠳᠬᠡᠯ ᠲᠥᠰᠥᠯ ᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ︵ᠪᠠᠶᠢᠭᠠᠯᠢ ᠶᠢᠨ ᠭᠠᠮᠰᠢᠭ ᠤᠨ ᠲᠥᠷᠥᠯ᠂ ᠠᠳᠡᠯ ᠤᠨ ᠭᠠᠮᠰᠢᠭ ᠤᠨ ᠲᠥᠷᠥᠯ᠂ ᠨᠡᠶᠢᠭᠡᠮ ᠤᠨ ᠠᠮᠤᠷ ᠲᠦᠪᠰᠢᠨ ᠤ ᠲᠥᠷᠥᠯ︶ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠬᠡᠷᠡᠭᠯᠡᠨ᠎ᠡ᠃     ᠪᠠᠶᠢᠭᠠᠯᠢ ᠶᠢᠨ ᠭᠠᠮᠰᠢᠭ ᠤᠨ ᠬᠡᠷᠡᠭ ᠲᠤ ᠭᠤᠣᠯᠳᠠᠭᠤ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ ᠭᠠᠵᠠᠷ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠭᠲᠠᠨ᠎ᠠ︔ ᠠᠳᠡᠯ ᠤᠨ ᠭᠠᠢ ᠭᠠᠮᠰᠢᠭ ᠤᠨ ᠬᠡᠷᠡᠭ ᠲᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠵᠦᠢᠯ ᠤᠨ ᠠᠶᠤᠯᠭᠦᠢ ᠶᠢᠨ ᠠᠳᠡᠯ᠂ ᠦᠢᠯᠡᠳᠬᠦᠨ ᠤ ᠶᠠᠰᠤ ᠴᠢᠨᠠᠷ ᠤᠨ ᠠᠳᠡᠯ᠂ ᠵᠠᠮ ᠲᠡᠭᠡᠭᠡᠪᠦᠷᠢ ᠶᠢᠨ ᠠᠳᠡᠯ᠂ ᠤᠯᠠᠨ ᠨᠡᠶᠢᠲᠡ ᠶᠢᠨ ᠲᠥᠬᠦᠭᠡᠷᠦᠮᠵᠢ ᠪᠠ ᠲᠥᠬᠦᠭᠡᠷᠦᠮᠵᠢ ᠶᠢᠨ ᠠᠳᠡᠯ᠂ ᠴᠥᠮ᠎ᠡ ᠶᠢᠨ ᠪᠠ ᠰᠠᠴᠤᠷᠠᠭ ᠤᠨ ᠠᠳᠡᠯ᠂ ᠬᠢᠮᠢ ᠶᠢᠨ ᠬᠤᠣᠷᠳᠠᠭᠳᠠᠯ᠂ ᠣᠷᠴᠢᠨ ᠠᠬᠤᠢ ᠶᠢᠨ ᠪᠣᠬᠢᠷᠲᠤᠯ ᠪᠠ ᠠᠮᠢ ᠠᠬᠤᠢ ᠶᠢᠨ ᠡᠪᠳᠡᠭᠳᠡᠯ ᠤᠨ ᠬᠡᠷᠡᠭ ᠵᠡᠷᠭᠡ ᠪᠠᠭᠲᠠᠨ᠎ᠠ︔ ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠭᠤᠣᠯᠳᠠᠭᠤ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ᠂ ᠡᠷᠡᠭᠦᠦ ᠶᠢᠨ ᠬᠡᠷᠡᠭ᠂ ᠬᠠᠮᠲᠤᠯᠢᠭ ᠤᠨ ᠴᠢᠨᠠᠷᠲᠠᠢ ᠬᠡᠷᠡᠭ ᠂ ᠲᠣᠰᠣ ᠬᠡᠢ ᠶᠢᠨ ᠬᠠᠩᠭᠠᠯᠭ᠎ᠠ ᠲᠠᠰᠤᠯᠳᠠᠭᠰᠠᠨ ᠭᠡᠨᠡᠳᠲᠡ ᠶᠢᠨ ᠬᠡᠷᠡᠭ᠂ ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ᠂ ᠭᠠᠳᠠᠭᠠᠳᠤ ᠲᠠᠢ ᠬᠤᠯᠪᠣᠭᠳᠠᠭᠰᠠᠨ ᠭᠡᠨᠡᠳᠲᠡ ᠶᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ᠂ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠬᠡᠷᠡᠭ ᠵᠡᠷᠭᠡ ᠪᠠᠭᠲᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ︽ᠪᠠᠶᠠᠨᠨᠠᠭᠤᠷ ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2023 ᠣᠨ ᠤ ᠬᠡᠪᠯᠡᠯ︶︾  ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃     1.4 ᠠᠵᠢᠯ ᠤᠨ ᠵᠠᠷᠴᠢᠮ     ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ︔ ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰᠢᠶᠠᠯ ᠬᠠᠷᠢᠭᠤᠴᠠᠯᠭ᠎ᠠ ᠶᠢ ᠨᠢ ᠲᠣᠳᠣᠷᠬᠠᠶᠢᠯᠠᠨ᠎ᠠ︔ ᠬᠠᠤᠯᠢ ᠲᠣᠭᠲᠠᠭᠠᠯ ᠢ ᠵᠢᠷᠤᠮᠯᠠᠵᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ︔ ᠴᠠᠭ ᠲᠤᠬᠠᠢ ᠳᠤᠨᠢ ᠲᠤᠰᠬᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠤᠨ᠎ᠠ︔ ᡽ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ︔ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠵᠤ᠂ ᠪᠠᠶᠢᠩᠭᠤ ᠪᠡᠯᠡᠳᠬᠡᠯ ᠲᠠᠢ ᠪᠠᠶᠢᠬᠤ ᠬᠡᠷᠡᠭᠲᠡᠢ︔ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠪᠠᠷ ᠢᠶᠠᠨ ᠣᠷᠣᠯᠴᠠᠨ᠎ᠠ᠃     2. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠤᠨ ᠳᠡᠰ ᠬᠤᠪᠢᠶᠠᠷᠢᠯᠠᠯ     ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠪᠠᠶᠢᠳᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵2023 ᠣᠨ ᠳᠤ ᠵᠠᠰᠠᠪᠤᠷᠢ ᠣᠷᠣᠭᠤᠯᠤᠭᠰᠠᠨ︶︾ ᠤᠨ ᠱᠠᠭᠠᠷᠳᠠᠯᠭ᠎ᠠ ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠣᠭᠤᠢ ᠬᠦᠨᠳᠦ ᠶᠡᠭᠡ ︵Ⅰ ᠲᠠᠰ︶᠂ ᠬᠦᠨᠳᠦ ᠶᠡᠭᠡ ︵Ⅱ ᠲᠠᠰ︶᠂ ᠨᠡᠯᠢᠶᠡᠳ ᠶᠡᠭᠡ ︵Ⅲ ᠲᠠᠰ︶ ᠪᠠ ᠡᠩ ᠤᠨ ︵Ⅳ ᠲᠠᠰ︶ ᠨᠡᠶᠢᠲᠡ ᠳᠥᠷᠪᠡᠨ ᠲᠠᠰ ᠬᠤᠪᠢᠶᠠᠨ᠎ᠠ᠃     2.1 ᠣᠨᠴᠠᠭᠠᠶ ᠴᠢᠬᠤᠯᠠ ᠶᠡᠭᠡ ᠬᠡᠷᠡᠭ ᠶᠠᠪᠤᠳᠠᠯ ︵Ⅰ ᠳᠡᠰ︶     ︵1︶ ᠨᠢᠭᠡ ᠤᠳᠠᠭ᠎ᠠ ᠶᠢᠨ ᠬᠡᠷᠡᠭ ᠲᠤ ᠣᠨᠴᠠ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠮᠥᠷᠲᠡᠭᠡᠨ ᠬᠦᠨᠳᠦ ᠲᠦᠭᠰᠢᠭᠦᠷᠢᠲᠡᠢ ᠬᠥᠮᠥᠨ ᠠᠮᠠ ᠣᠯᠠᠨ᠂ ᠡᠰᠡᠬᠦᠯ᠎ᠡ ᠴᠥᠮ᠎ᠡ ᠶᠢᠨ ᠠᠳᠡᠯ ᠪᠠ ᠭᠡᠨᠡᠳᠲᠡ ᠶᠢᠨ ᠰᠠᠴᠤᠷᠠᠭ ᠬᠡᠷᠡᠭ᠂ ᠬᠢᠮᠢ ᠶᠢᠨ ᠪᠣᠳᠠᠰ ᠯᠡᠪᠡᠷᠡᠭᠰᠡᠨ ᠠᠳᠡᠯ ᠵᠡᠷᠭᠡ ᠠᠴᠠ ᠪᠣᠯᠵᠤ ᠶᠡᠭᠡ ᠬᠡᠮᠵᠢᠶᠡᠨ ᠤ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ᠂ ᠤᠯᠤᠰ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠳᠡᠮᠵᠢᠯᠭᠡ ᠦᠵᠡᠭᠦᠯᠬᠦ ᠶᠢ ᠭᠤᠶᠤᠴᠢᠯᠠᠭᠰᠠᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃     ︵2︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠠᠯᠤᠰᠯᠠᠭᠰᠠᠨ ᠣᠨᠴᠠᠭᠠᠶ ᠬᠦᠨᠳᠦ ᠨᠣᠴᠢᠲᠠᠢ ᠬᠥᠮᠥᠨ ᠬᠠᠷ᠎ᠠ ᠦᠬᠦᠵᠦ ᠰᠢᠷᠬᠠᠲᠤᠭᠰᠠᠨ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃ ︵3︶ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠭᠡᠨᠡᠳᠲᠡ ᠶᠢᠨ ᠴᠢᠨᠠᠷᠲᠠᠢ ᠤᠯᠠᠨ ᠨᠡᠶᠢᠲᠡ ᠶᠢᠨ ᠣᠨᠴᠠᠭᠠᠶ ᠬᠦᠨᠳᠦ ᠶᠡᠭᠡ ᠬᠡᠷᠡᠭ᠃     2.2 ᠴᠢᠬᠤᠯᠠ ᠶᠡᠭᠡ ᠬᠡᠷᠡᠭ ᠶᠠᠪᠤᠳᠠᠯ ︵Ⅱ ᠳᠡᠰ︶     ︵1︶ ᠨᠢᠭᠡ ᠤᠳᠠᠭᠠᠨ ᠤ ᠬᠡᠷᠡᠭ ᠲᠤ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠤᠭᠰᠠᠨ᠂ ᠡᠭᠦᠨ ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 5 ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠭᠠᠷᠤᠭᠰᠠᠨ᠃     ︵2︶ ᠠᠶᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃     ︵3︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠴᠢᠬᠤᠯᠠ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠶᠠᠪᠤᠳᠠᠯ᠃     2. 3 ᠨᠡᠯᠢᠶᠡᠳ ᠶᠡᠭᠡ ᠬᠡᠷᠡᠭ ᠶᠠᠪᠤᠳᠠᠯ ︵Ⅲ ᠳᠡᠰ︶     ︵1︶ ᠨᠢᠭᠡ ᠤᠳᠠᠭᠠᠨ ᠤ ᠬᠡᠷᠡᠭ ᠲᠤ ᠨᠡᠯᠢᠶᠡᠳ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠴᠠᠢ᠂ ᠡᠭᠦᠨ ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 3 ᠵᠢᠱᠢᠶ᠎ᠡ ᠠᠴᠠ ᠬᠡᠲᠦᠷᠡᠭᠰᠡᠨ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠭᠠᠷᠤᠭᠰᠠᠨ᠃     ︵2︶ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃     2.4 ᠡᠩ ᠤᠨ ᠬᠡᠷᠡᠭ ᠶᠠᠪᠤᠳᠠᠯ ︵IV ᠳᠡᠰ︶     ︵1︶ ᠨᠢᠭᠡ ᠤᠳᠠᠭᠠᠨ ᠤ ᠬᠡᠷᠡᠭ ᠲᠤ ᠵᠣᠬᠢᠬᠤ ᠲᠣᠭᠠᠨ ᠤ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠴᠤ᠂ ᠡᠭᠦᠨ ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 1 ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠭᠠᠷᠤᠭᠰᠠᠨ᠃     ︵2︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠡᠩ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃     3. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ     ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ ᠶᠢᠨ ᠨᠢᠭᠡᠳᠦᠯᠲᠡᠢ ᠤᠳᠤᠷᠢᠳᠤᠯᠭ᠎ᠠ᠂ ᠵᠢᠯᠣᠭᠤᠳᠤᠯᠭ᠎ᠠ ᠶᠢᠨ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠵᠣᠬᠢᠴᠠᠯᠳᠤᠨ ᠨᠢᠭᠡᠳᠴᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠢ ᠬᠠᠮᠲᠤᠪᠠᠷ ᠠᠷᠭᠠᠴᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃     ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠪᠠᠭᠲᠠᠬᠤ ᠨᠢ᠄ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠯ᠎ᠡ ᠲᠥᠷᠥᠯ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ︵ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠣᠶ᠂ ᠡᠭᠦᠨ ᠳᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠢ ᠡᠮᠨᠡᠯᠭᠡ ᠶᠢᠨ ᠬᠤᠷᠢᠶ᠎ᠠ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠵᠡᠷᠭᠡ︶᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠪᠠᠭᠲᠠᠨ᠎ᠠ᠃     3.1 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ     ᠬᠤᠲᠠ ᠶᠢᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠳᠤ᠄ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠶᠢ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠳᠡᠳ᠋ ᠳᠤᠭᠤᠶᠢᠯᠠᠩ ᠤᠨ ᠳᠠᠷᠤᠭ᠎ᠠ ᠪᠣᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠢᠴᠢ ᠪᠠᠶᠠᠨᠨᠠᠭᠤᠷ ᠬᠤᠲᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠤᠷᠠᠳ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠶᠢ ᠬᠠᠷᠢᠭᠤᠴᠠᠨ᠎ᠠ︔ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠬᠤᠲᠠ ᠶᠢᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠠᠵᠢᠯ ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠡᠩᠨᠡᠭᠡ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠤᠯᠲᠠ ᠶᠢᠨ ᠬᠤᠯᠪᠣᠭ᠎ᠠ ᠠᠪᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠴᠤᠭᠯᠠᠭᠤᠯᠬᠤ᠂ ᠮᠡᠷᠭᠡᠵᠢᠯ ᠴᠢᠳᠠᠪᠤᠷᠢ ᠶᠢᠨ ᠰᠣᠷᠢᠯᠲᠠ ᠬᠢᠬᠦ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠳᠤ᠄ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠴᠠᠩᠭᠤᠢ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠡᠩ ᠤᠨ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠤᠳᠤᠷᠢᠳᠤᠨ᠂ ᠡᠯ᠎ᠡ ᠲᠦᠷᠦᠯ ᠤᠨ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠡᠭᠦᠷᠭᠡ ᠶᠢ ᠡᠭᠦᠷᠭᠡᠯᠡᠬᠦ ᠶᠢᠨ ᠬᠠᠮᠲᠤ ᠪᠠᠶᠢᠭᠤᠯᠤᠮᠵᠢ ᠵᠢᠭᠠᠨ ᠲᠣᠭᠲᠠᠭᠠᠵᠤ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃     3.2 ᠲᠤᠰᠬᠠᠢ ᠮᠡᠷᠭᠡᠵᠢᠯᠲᠡᠨ ᠤ ᠳᠤᠭᠤᠶᠢᠯᠠᠩ     ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠲᠠ ᠶᠢᠨ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠬᠡᠪᠴᠢᠶᠡᠨ ᠳᠠᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠵᠥᠪᠯᠡᠯᠭᠡ ᠥᠭᠬᠦ ᠰᠠᠨᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠬᠠᠩᠭᠠᠨ᠎ᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ 3 ᠵᠢᠯ ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃     ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃     3.3 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ     ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠨ᠎ᠡ᠃ ᠨᠢᠭᠡᠳᠦᠯᠲᠡᠢ ᠪᠠᠶᠢᠷᠢᠯᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭᠠᠷ᠂ ᠡᠯ᠎ᠡ ᠱᠠᠲᠤᠨ ᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶ ᠵᠢᠴᠢ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠰᠠᠯᠠᠭ᠎ᠠ ᠨᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ ᠢ ᠰᠢᠯᠵᠢᠭᠦᠯᠦᠨ ᠬᠦᠷᠭᠡᠬᠦ ᠡᠭᠦᠷᠭᠡ ᠶᠢ ᠡᠭᠦᠷᠭᠡᠯᠡᠨ᠎ᠡ︔ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ  ᠨᠢ ᠰᠢᠷᠬᠠᠲᠤᠭᠰᠠᠳ ᠢ ᠬᠦᠯᠢᠶᠡᠨ ᠠᠪᠬᠤ ᠠᠵᠢᠯ ᠢ ᠬᠠᠷᠢᠭᠤᠴᠠᠬᠤ ᠶᠢᠨ ᠬᠠᠮᠲᠤ ᠲᠡᠭᠦᠨ ᠢ ᠰᠢᠢᠳᠪᠦᠷᠢᠯᠡᠵᠦ ᠠᠪᠤᠷᠠᠨ ᠵᠠᠰᠠᠨ᠎ᠠ︔ ᠬᠤᠲᠠ ᠶᠢᠨ ᠲᠥᠪ ᠴᠢᠰᠤᠨ ᠥᠷᠲᠡᠭᠡ ᠨᠢ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠠᠪᠤᠷᠠᠨ ᠲᠤᠰᠠᠯᠠᠬᠤ ᠬᠤᠭᠤᠴᠠᠭᠠᠨ ᠳᠠᠬᠢ ᠴᠢᠰᠤᠨ ᠤ ᠬᠠᠩᠭᠠᠯᠲᠠ ᠪᠠ ᠴᠢᠰᠤᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠬᠠᠷᠢᠭᠤᠴᠠᠨ᠎ᠠ︔ ᠡᠯ᠎ᠡ ᠱᠠᠲᠤᠨ ᠤ ᠣᠶᠣᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠰᠢᠷᠬᠠᠲᠤᠭᠰᠠᠳ ᠵᠢᠴᠢ ᠲᠡᠳᠡᠨ ᠤ ᠭᠡᠷ ᠪᠦᠯᠢ᠂ ᠠᠪᠤᠷᠠᠨ ᠲᠤᠰᠠᠯᠠᠬᠤ ᠬᠥᠮᠥᠰ ᠤᠨ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠠᠵᠢᠯ ᠢ ᠰᠠᠶᠢᠲᠤᠷ ᠬᠢᠨ᠎ᠡ︔ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠨᠤᠭᠤᠳ ᠲᠣᠰ ᠲᠣᠰ ᠤᠨ ᠡᠭᠦᠷᠭᠡ ᠴᠢᠳᠠᠪᠤᠷᠢ ᠪᠠᠨ ᠦᠨᠳᠦᠰᠦᠯᠡᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃     3.4 ᠲᠤᠬᠠᠢ ᠶᠢᠨ ᠲᠠᠯᠠᠪᠠᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ     ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠲᠤᠬᠠᠢ ᠶᠢᠨ ᠲᠠᠯᠠᠪᠠᠶ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠴᠢᠬᠤᠯᠠᠲᠠᠢ ᠦᠶ᠎ᠡ ᠳᠤ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠢ ᠪᠠᠶᠢᠭᠤᠯᠵᠤ᠂ ᠲᠤᠬᠠᠢ ᠶᠢᠨ ᠲᠠᠯᠠᠪᠤᠷ ᠤᠨ ᠬᠠᠮᠤᠭ ᠤᠨ ᠳᠡᠭᠡᠳᠦ ᠲᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠤᠶᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢᠶᠠᠷ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠵᠢᠯᠣᠭᠤᠳᠤᠨ ᠵᠣᠬᠢᠴᠠᠭᠤᠯᠬᠤ ᠬᠡᠷᠡᠭᠲᠡᠢ᠃     4. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠴᠤᠤᠷᠢᠶᠠᠲᠤᠨ ᠳᠠᠭᠠᠬᠤ ᠪᠠ ᠵᠣᠭᠰᠣᠭᠠᠬᠤ     4.1 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠳᠡᠰ ᠬᠤᠪᠢᠶᠠᠨ ᠴᠤᠤᠷᠢᠶᠠᠲᠤᠨ ᠳᠠᠭᠠᠬᠤ     4.1.1 I ᠳᠡᠰ ᠤᠨ ᠳᠠᠭᠠᠯ     4.1.1.1 I ᠲᠡᠰ ᠤᠨ ᠳᠠᠭᠠᠬᠤ ᠶᠢ ᠡᠬᠢᠯᠡᠭᠦᠯᠬᠦ     ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ Ⅰ ᠲᠠᠰ ᠤᠨ ᠬᠠᠷᠢᠭᠤ ᠲᠤᠰᠬᠠᠯ ᠢ ᠡᠬᠢᠯᠡᠭᠦᠯᠦᠨ᠎ᠡ᠄     ︵1︶ ᠭᠡᠨᠡᠳᠲᠡ ᠡᠭᠦᠰᠦᠭᠰᠡᠨ ᠣᠨᠴᠠᠭᠠᠶ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠡᠭᠦᠰᠪᠡᠯ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠢ ᠡᠬᠢᠯᠡᠭᠦᠯᠦᠨ᠎ᠡ᠃     ︵2︶ ᠭᠡᠨᠡᠳᠲᠡ ᠡᠭᠦᠰᠦᠭᠰᠡᠨ ᠣᠨᠴᠠᠭᠠᠶ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠭᠠᠷᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠤᠯᠤᠰ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠡᠬᠢᠯᠡᠭᠦᠯᠦᠨ᠎ᠡ᠃     ︵3︶ ᠣᠨᠴᠣᠭᠤᠢ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠦᠨ᠎ᠡ᠃     ︵4︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠣᠨᠴᠠᠭᠠᠶ ᠴᠢᠬᠤᠯᠠ ᠶᠡᠭᠡ ᠬᠡᠷᠡᠭ ︵Ⅰ ᠳᠡᠰ︶ ᠤᠨ ᠳᠡᠰ ᠲᠤ ᠨᠡᠶᠢᠴᠡᠭᠰᠡᠨ ᠪᠤᠰᠤᠳ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃     4.1.1.2 Ⅰ ᠳᠡᠰ ᠤᠨ ᠳᠠᠭᠠᠬᠤ ᠠᠵᠢᠯᠯᠠᠭ᠎ᠠ     ᠣᠨᠴᠠᠭᠠᠶ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠨᠴᠠᠭᠠᠶ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃     ᠬᠡᠷᠡᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠲᠠ ᠶᠢᠨ ᠱᠠᠲᠤᠨ ᠤ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠣᠭᠤᠢ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃     4.1.2 II ᠳᠡᠰ ᠤᠨ ᠳᠠᠭᠠᠯ     4.1.2.1 II ᠳᠡᠰ ᠤᠨ ᠳᠠᠭᠠᠬᠤ ᠶᠢ ᠡᠬᠢᠯᠡᠭᠦᠯᠬᠦ     ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ Ⅱ ᠲᠠᠰ ᠤᠨ ᠬᠠᠷᠢᠭᠤ ᠲᠤᠰᠬᠠᠯ ᠢ ᠡᠬᠢᠯᠡᠭᠦᠯᠦᠨ᠎ᠡ᠄     ︵1︶ ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠦᠨ᠎ᠡ᠃     ︵2︶ ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠵᠦᠢᠯ ᠤᠨ ᠪᠡᠯᠡᠳᠬᠡᠯ ᠲᠥᠰᠥᠯ ᠢ ᠡᠬᠢᠯᠡᠭᠦᠯᠦᠨ᠎ᠡ᠃     ︵3︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠴᠢᠬᠤᠯᠠ ᠶᠡᠭᠡ ᠬᠡᠷᠡᠭ ︵Ⅱ ᠳᠡᠰ︶ ᠤᠨ ᠳᠡᠰ ᠲᠤ ᠨᠡᠶᠢᠴᠡᠭᠰᠡᠨ ᠪᠤᠰᠤᠳ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃     4.1.2.2Ⅱ ᠳᠡᠰ ᠤᠨ ᠳᠠᠭᠠᠬᠤ ᠠᠵᠢᠯᠯᠠᠭ᠎ᠠ     ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠳᠡᠪᠰᠢᠭᠦᠯᠦᠨ ᠮᠡᠳᠡᠭᠦᠯᠦᠨ᠎ᠡ      ᠬᠡᠷᠡᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠤᠲᠠ ᠶᠢᠨ ᠱᠠᠲᠤᠨ ᠤ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠨᠳᠦ ᠶᠡᠭᠡ ᠭᠡᠨᠡᠳᠲᠡ ᠶᠢᠨ ᠴᠢᠨᠠᠷᠲᠠᠢ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃     4.1.3 Ⅲ ᠳᠡᠰ ᠤᠨ ᠳᠠᠭᠠᠯ    4.1.3.1 Ⅲ ᠳᠡᠰ ᠤᠨ ᠳᠠᠭᠠᠬᠤ ᠶᠢ ᠡᠬᠢᠯᠡᠭᠦᠯᠬᠦ     ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ Ⅲ ᠲᠠᠰ ᠤᠨ ᠳᠠᠭᠠᠬᠤ ᠶᠢ ᠡᠬᠢᠯᠡᠭᠦᠯᠦᠨ᠎ᠡ᠄     ︵1︶ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠭᠠᠷᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠡᠬᠢᠯᠡᠭᠦᠯᠦᠨ᠎ᠡ᠃     ︵2︶ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠲᠠ ᠶᠢᠨ ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠡᠬᠢᠯᠡᠭᠦᠯᠦᠨ᠎ᠡ᠃     ︵3︶ ᠪᠤᠰᠤᠳ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠨᠡᠯᠢᠶᠡᠳ ᠶᠡᠭᠡ ᠬᠡᠷᠡᠭ ︵Ⅲ ᠲᠠᠰ︶ ᠤᠨ ᠲᠠᠰ ᠲᠤ ᠨᠡᠶᠢᠴᠡᠬᠦ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃     4.1.3.2 Ⅲ ᠳᠡᠰ ᠤᠨ ᠳᠠᠭᠠᠬᠤ ᠠᠵᠢᠯᠯᠠᠭ᠎ᠠ     ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠡᠨᠡᠳᠲᠡ ᠡᠭᠦᠰᠦᠭᠰᠡᠨ ᠨᠡᠯᠢᠶᠡᠳ ᠶᠡᠭᠡ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠵᠢᠭᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢᠨ ᠬᠠᠮᠲᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠰ ᠱᠠᠲᠤᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠨᠡᠯᠢᠶᠡᠳ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠳᠡᠪᠰᠢᠭᠦᠯᠦᠨ ᠮᠡᠳᠡᠭᠦᠯᠦᠨ᠎ᠡ᠃     4.1.4 Ⅳ ᠳᠡᠰ ᠤᠨ ᠳᠠᠭᠠᠯ     4.1.4.1 Ⅳ ᠳᠡᠰ ᠤᠨ ᠳᠠᠭᠠᠬᠤ ᠶᠢ ᠡᠬᠢᠯᠡᠭᠦᠯᠬᠦ     ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ Ⅳ ᠳᠡᠰ ᠤᠨ ᠴᠤᠤᠷᠢᠶᠠᠲᠤᠯ ᠢ ᠡᠬᠢᠯᠡᠭᠦᠯᠦᠨ᠎ᠡ᠄     ︵1︶ ᠡᠩ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ᠤ ᠱᠠᠲᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠦᠨ᠎ᠡ᠃     ︵2︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩ ᠤᠨ ᠬᠡᠷᠡᠭ ︵IV ᠳᠡᠰ︶ ᠤᠨ ᠳᠡᠰ ᠲᠤ ᠨᠡᠶᠢᠴᠡᠬᠦ ᠪᠤᠰᠤᠳ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃     4.1.4.2 Ⅳ ᠳᠡᠰ ᠤᠨ ᠳᠠᠭᠠᠬᠤ ᠠᠵᠢᠯᠯᠠᠭ᠎ᠠ     ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠩ ᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠵᠢᠭᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢ ᠲᠦᠷᠭᠡᠨ ᠡᠬᠢᠯᠡᠭᠦᠯᠵᠦ᠂ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠰᠢᠷᠬᠠᠲᠤᠭᠰᠠᠳ ᠬᠢᠭᠡᠳ ᠠᠪᠤᠷᠠᠨ ᠵᠠᠰᠠᠭᠰᠠᠨ ᠪᠠᠶᠢᠳᠠᠯ ᠢ ᠨᠤᠲᠠᠯᠠᠬᠤ ᠪᠠ ᠦᠨᠡᠯᠡᠨ ᠵᠢᠱᠢᠬᠦ ᠶᠢᠨ ᠬᠠᠮᠲᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠵᠢᠯᠤᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠬᠦ ᠬᠡᠷᠡᠭᠲᠡᠢ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠢᠬᠤᠯᠠ ᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠳᠤ ᠮᠡᠷᠭᠡᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠢ᠃     4.2 ᠲᠤᠬᠠᠢ ᠶᠢᠨ ᠲᠠᠯᠠᠪᠠᠶ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠵᠢᠯᠤᠭᠤᠳᠬᠤ     ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠠᠪᠤᠷᠠᠨ ᠲᠤᠰᠠᠯᠠᠬᠤ ᠵᠠᠷᠯᠢᠭ ᠢ ᠣᠯᠣᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠲᠤ ᠴᠠᠭ ᠲᠤᠬᠠᠢ ᠳᠤᠨᠢ ᠣᠴᠢᠬᠤ ᠬᠡᠷᠡᠭᠲᠡᠢ ᠪᠥᠭᠡᠳ ᠲᠤᠬᠠᠢ ᠶᠢᠨ ᠲᠠᠯᠠᠪᠤᠷ ᠤᠨ ᠪᠠᠶᠢᠳᠠᠯ ᠢ ᠦᠨᠳᠦᠰᠦᠯᠡᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠶᠠᠪᠤᠴᠠ ᠳᠤ᠂ ᠠᠪᠤᠷᠠᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠬᠦ ᠮᠥᠷᠲᠡᠭᠡᠨ ᠪᠠᠰᠠ ᠥᠪᠡᠷ ᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃     ᠲᠤᠬᠠᠢ ᠶᠢᠨ ᠲᠠᠯᠠᠪᠤᠷ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠠᠴᠢᠮ᠂ ᠡᠮᠬᠢ ᠵᠢᠷᠤᠮ ᠲᠠᠢ᠂ ᠥᠨᠳᠥᠷ ᠦᠷ᠎ᠡ ᠪᠦᠲᠦᠮᠵᠢᠲᠡᠶ ᠶᠠᠪᠤᠭᠳᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠡᠷᠡᠭ ᠭᠠᠷᠤᠭᠰᠠᠨ ᠲᠤᠬᠠᠢ ᠶᠢᠨ ᠲᠠᠯᠠᠪᠠᠶ ᠳᠤ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠶ ᠳᠤ ᠬᠦᠷᠴᠦ᠂ ᠡᠮᠦᠨ᠎ᠡ ᠨᠢ ᠵᠢᠯᠤᠭᠤᠳᠴᠤ᠂ ᠳᠤᠮᠳᠠᠬᠢ ᠭᠤᠭᠴᠤᠭ᠎ᠠ ᠶᠢ ᠪᠠᠭᠠᠰᠬᠠᠨ᠂ ᠰᠢᠢᠳᠪᠦᠷᠢᠲᠦ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠨᠢ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠵᠢᠯᠤᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠵᠦ᠂ ᠲᠤᠬᠠᠢ ᠶᠢᠨ ᠲᠠᠯᠠᠪᠤᠷ ᠤᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃     4.2.1 ᠲᠤᠬᠠᠢ ᠶᠢᠨ ᠭᠠᠵᠠᠷ ᠲᠤᠨᠢ ᠲᠦᠷᠭᠡᠨ ᠠᠪᠤᠷᠠᠬᠤ     ᠲᠤᠬᠠᠢ ᠶᠢᠨ ᠲᠠᠯᠠᠪᠤᠷ ᠲᠤ ᠬᠦᠷᠦᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠨᠢ ᠲᠤᠬᠠᠢ ᠶᠢᠨ ᠲᠠᠯᠠᠪᠤᠷ ᠤᠨ ᠲᠤᠰᠬᠠᠢ ᠠᠪᠤᠷᠠᠨ ᠲᠤᠰᠠᠯᠠᠬᠤ ᠡᠩᠨᠡᠭᠡ ᠲᠠᠢ ᠬᠠᠮᠵᠢᠯᠴᠠᠨ᠂ ᠰᠢᠷᠬᠠᠲᠤᠭᠰᠠᠳ ᠢ ᠠᠶᠤᠯ ᠲᠠᠢ ᠣᠷᠣᠨ ᠠᠴᠠ ᠲᠦᠷᠭᠡᠨ ᠰᠢᠯᠵᠢᠭᠦᠯᠦᠨ ᠭᠠᠷᠭᠠᠵᠤ᠂ ︽ᠤᠷᠢᠳ ᠢᠶᠠᠷ ᠠᠮᠢ ᠶᠢ  ᠨᠢ ᠠᠪᠤᠷᠠᠵᠤ ᠳᠠᠷᠠᠭ᠎ᠠ ᠨᠢ ᠰᠢᠷᠬᠠᠲᠠᠨ ᠢ ᠨᠢ ᠵᠠᠰᠠᠵᠤ᠂ ᠤᠷᠢᠳ ᠢᠶᠠᠷ ᠬᠦᠨᠳᠦ ᠶᠢ ᠨᠢ ᠠᠪᠤᠷᠠᠵᠤ ᠳᠠᠷᠠᠭ᠎ᠠ ᠨᠢ ᠬᠥᠩᠭᠡᠨ ᠢ ᠨᠢ ᠠᠪᠤᠷᠠᠬᠤ︾ ᠵᠠᠷᠴᠢᠮ ᠶᠣᠰᠣᠭᠠᠷ ᠠᠵᠢᠯ ᠢᠶᠠᠨ ᠥᠷᠨᠢᠭᠦᠯᠵᠦ᠂ ᠣᠯᠠᠨ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠰᠢᠷᠬᠠᠲᠤᠭᠰᠠᠳ ᠤᠨ ᠰᠢᠷᠬ᠎ᠠ ᠶᠢ ᠪᠠᠶᠢᠴᠠᠭᠠᠨ ᠲᠥᠷᠥᠯ ᠬᠤᠪᠢᠶᠠᠵᠤ᠂ ᠲᠣᠰ ᠲᠣᠰ ︽ᠨᠣᠭᠤᠭᠠᠨ᠂ ᠰᠢᠷ᠎ᠠ᠂ ᠤᠯᠠᠭᠠᠨ᠂ ᠬᠠᠷ᠎ᠠ︾ ᠳᠥᠷᠪᠡᠨ ᠥᠩᠭᠡ ᠪᠠᠷ ᠬᠥᠩᠭᠡᠨ᠂ ᠬᠦᠨᠳᠦ᠂ ᠠᠶᠤᠯ ᠲᠠᠢ ᠬᠦᠨᠳᠦ ᠰᠢᠷᠬᠠᠲᠠᠨ ᠪᠠ ᠦᠬᠦᠭᠰᠡᠳ ᠲᠤ ᠲᠡᠮᠳᠡᠭ ︵ᠲᠥᠷᠥᠯ ᠬᠤᠪᠢᠶᠠᠬᠤ ᠲᠡᠮᠳᠡᠭ ᠢ ᠰᠦᠯᠢᠶᠥᠦ ᠮᠠᠲ᠋ᠧᠷᠢᠶᠠᠯ ᠢᠶᠠᠷ ᠪᠠᠭᠤᠤ ᠶᠢᠨ ᠪᠦᠴᠡ ᠵᠣᠬᠢᠶᠠᠨ᠎ᠠ︶ ᠬᠢᠵᠦ᠂ ᠰᠢᠷᠬᠠᠲᠠᠨ ᠪᠤᠶᠤ ᠦᠬᠦᠭᠰᠡᠳ ᠤᠨ ᠪᠠᠭᠤᠤ ᠪᠤᠶᠤ ᠬᠥᠯ ᠤᠨ ᠱᠠᠭ᠎ᠠ ᠶᠢᠨ ᠬᠡᠰᠡᠭ ᠲᠤ ᠬᠥᠮᠥᠷᠢᠵᠦ᠂ ᠬᠤᠶᠢᠰᠢᠳᠠ ᠶᠢᠨ ᠠᠪᠤᠷᠠᠨ ᠵᠠᠰᠠᠯᠲᠠ ᠳᠤ ᠢᠯᠭᠠᠨ ᠲᠠᠨᠢᠭᠤᠯᠬᠤ ᠪᠤᠶᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠳᠤ ᠲᠥᠬᠦᠮ ᠪᠣᠯᠭᠠᠨ᠎ᠠ᠃     4.2.2 ᠰᠢᠷᠬᠠᠲᠠᠨ ᠢ ᠰᠢᠯᠵᠢᠭᠦᠯᠦᠨ ᠵᠥᠭᠡᠭᠡᠪᠦᠷᠢᠯᠡᠬᠦ     ᠲᠤᠬᠠᠢ ᠶᠢᠨ ᠲᠠᠯᠠᠪᠤᠷ ᠤᠨ ᠣᠷᠴᠢᠨ ᠲᠣᠭᠤᠷᠢᠨ ᠠᠶᠤᠯ ᠲᠦᠭᠰᠢᠭᠦᠷᠢ ᠳᠤ ᠤᠴᠠᠷᠠᠭᠰᠠᠨ ᠪᠤᠶᠤ ᠰᠢᠷᠬᠠᠲᠠᠨ ᠡᠪᠡᠳᠴᠢᠲᠡᠨ ᠤ ᠪᠠᠶᠢᠳᠠᠯ ᠵᠥᠪᠰᠢᠶᠡᠷᠡᠬᠦ ᠦᠶ᠎ᠡ ᠳᠤ᠂ ᠰᠢᠷᠬᠠᠲᠠᠨ ᠡᠪᠡᠳᠴᠢᠲᠡᠨ ᠢ ᠠᠯᠢ ᠲᠦᠷᠭᠡᠨ ᠢᠶᠠᠷ ᠰᠢᠯᠵᠢᠭᠦᠯᠦᠨ ᠵᠥᠭᠡᠭᠡᠪᠦᠷᠢᠯᠡᠬᠦ ᠶᠢᠨ ᠬᠠᠮᠲᠤ ᠳᠣᠣᠷᠠᠬᠢ ᠠᠵᠢᠯ ᠤᠳ ᠢ ᠰᠠᠶᠢᠲᠤᠷ ᠬᠢᠨ᠎ᠡ᠄     ︵1︶ ᠰᠢᠷᠬ᠎ᠠ ᠶᠢ ᠨᠢ ᠪᠠᠶᠢᠴᠠᠭᠠᠭᠠᠳ ᠲᠦᠷᠦᠯ ᠬᠤᠪᠢᠶᠠᠨ ᠰᠢᠯᠵᠢᠭᠦᠯᠦᠨ ᠵᠥᠭᠡᠭᠡᠪᠦᠷᠢᠯᠡᠬᠦ ᠪᠠᠷ ᠬᠦᠯᠢᠶᠡᠵᠦ ᠪᠠᠶᠢᠭ᠎ᠠ ᠰᠢᠷᠬᠠᠲᠠᠨ ᠳᠤ ᠳᠠᠬᠢᠨ ᠪᠠᠶᠢᠴᠠᠭᠠᠯᠲᠠ ᠬᠢᠨ᠎ᠡ᠃ ᠬᠥᠳᠡᠯᠦᠩᠭᠦᠢ ᠪᠠᠷ ᠶᠡᠭᠡ ᠴᠢᠰᠤ ᠭᠠᠷᠤᠭᠰᠠᠨ ᠪᠤᠶᠤ ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ ᠳᠤ ᠠᠮᠢ ᠨᠠᠰᠤᠨ ᠤ ᠠᠶᠤᠯ ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠲᠤᠬᠠᠢ ᠶᠢᠨ ᠭᠠᠵᠠᠷ ᠲᠤᠨᠢ ᠤᠷᠢᠳ ᠢᠶᠠᠷ ᠲᠦᠷᠭᠡᠨ ᠠᠪᠤᠷᠠᠵᠤ᠂ ᠡᠮᠨᠡᠨ ᠵᠠᠰᠠᠵᠤ᠂ ᠴᠢᠬᠤᠯᠠ ᠪᠦᠬᠦᠢ ᠰᠢᠢᠳᠪᠦᠷᠢᠯᠡᠯᠲᠡ ᠬᠢᠭᠰᠡᠨ ᠤ ᠳᠠᠷᠠᠭ᠎ᠠ ᠰᠠᠶ᠋ᠢ ᠬᠢᠨᠠᠨ ᠬᠠᠮᠠᠭᠠᠯᠠᠯᠲᠠ ᠶᠢᠨ ᠳᠣᠣᠷ᠎ᠠ ᠰᠢᠯᠵᠢᠭᠦᠯᠦᠨ ᠵᠥᠭᠡᠭᠡᠪᠦᠷᠢᠯᠡᠨ᠎ᠡ᠃     ︵2︶ ᠰᠢᠯᠵᠢᠭᠦᠯᠦᠨ ᠲᠡᠭᠡᠭᠡᠪᠦᠷᠢᠯᠡᠬᠦ ᠺᠠᠷᠲ ᠢ ᠨᠠᠷᠢᠨ ᠬᠢᠨᠠᠮᠠᠭᠠᠢ ᠲᠠᠭᠯᠠᠵᠤ᠂ ᠭᠥᠯᠢᠶᠡᠨ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠤᠰᠢᠶᠠᠬᠤ ᠶᠢᠨ ᠬᠠᠮᠲᠤ᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃     ︵3︶ ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ ᠳᠤ᠂ ᠡᠮᠴᠢ ᠰᠤᠪᠢᠯᠠᠭᠴᠢ ᠡᠷᠬᠡᠪᠰᠢ ᠡᠮᠴᠢᠯᠡᠭᠡᠨ ᠤ ᠥᠷᠥᠭᠡᠨ ᠳᠤ ᠰᠢᠷᠬᠠᠲᠠᠨ ᠡᠪᠡᠳᠴᠢᠲᠡᠨ ᠤ ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠵᠢᠭᠯᠠᠬᠤ ᠶᠢᠨ ᠬᠠᠮᠲᠤ ᠡᠮᠴᠢᠯᠡᠭᠡᠨ ᠤ ᠦᠷᠭᠦᠯᠵᠢᠯᠡᠨ ᠶᠠᠪᠤᠭᠳᠠᠬᠤ ᠶᠢ ᠪᠠᠲᠤᠯᠠᠬᠤ ᠬᠡᠷᠡᠭᠲᠡᠢ᠃     ︵4︶ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠤ ᠡᠷᠬᠡᠪᠰᠢ ᠰᠢᠨᠵᠢᠯᠡᠬᠦ ᠤᠬᠠᠭᠠᠨᠴᠢ ᠪᠠᠷ ᠵᠥᠭᠡᠭᠡᠪᠦᠷᠢᠯᠡᠵᠦ᠂ ᠬᠤᠶᠠᠳᠠᠭᠢ ᠤᠳᠠᠭ᠎ᠠ ᠭᠡᠮᠲᠦᠭᠡᠬᠦ ᠠᠴᠠ ᠵᠠᠶᠢᠯᠠᠰᠬᠢᠬᠦ ᠬᠡᠷᠡᠭᠲᠡᠢ᠃     ︵5︶ ᠰᠢᠷᠬᠠᠲᠠᠨ ᠡᠪᠡᠳᠴᠢᠲᠡᠨ ᠢ ᠵᠦᠢ ᠵᠣᠬᠢᠰᠲᠠᠢ ᠰᠠᠯᠭᠠᠨ ᠲᠣᠬᠢᠷᠠᠭᠤᠯᠬᠤ ᠪᠤᠶᠤ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠤᠨ ᠵᠢᠭᠠᠨ ᠲᠣᠭᠲᠠᠭᠠᠭᠰᠠᠨ ᠭᠠᠵᠠᠷ ᠢᠶᠠᠷ ᠰᠢᠯᠵᠢᠭᠦᠯᠦᠨ ᠲᠡᠭᠡᠭᠡᠪᠦᠷᠢᠯᠡᠨ᠎ᠡ᠂ ᠶᠠᠮᠠᠷᠪᠠ ᠡᠮᠴᠢᠯᠡᠭᠡᠨ ᠤ ᠪᠠᠶᠢᠭᠤᠯᠤᠮᠵᠢ ᠭᠡᠳ ᠶᠠᠮᠠᠷᠪᠠ ᠰᠢᠯᠲᠠᠭᠠᠨ ᠢᠶᠠᠷ ᠰᠢᠷᠬᠠᠲᠠᠨ ᠡᠪᠡᠳᠴᠢᠲᠡᠨ ᠢ ᠣᠨᠣᠰᠢᠯᠠᠬᠤ ᠶᠢ ᠲᠡᠪᠴᠢᠵᠦ ᠪᠣᠯᠬᠤ ᠦᠭᠡᠢ᠂ ᠭᠥᠯᠢᠶᠡᠨ ᠠᠪᠬᠤ ᠶᠢ ᠲᠡᠪᠴᠢᠵᠦ ᠪᠣᠯᠬᠤ ᠦᠭᠡᠢ᠃     4.3 ᠣᠶᠣᠨ ᠤ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠠᠵᠢᠯ     ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠᠶᠢᠳᠠᠯ ᠢ ᠦᠨᠳᠦᠰᠦᠯᠡᠨ ᠣᠶᠣᠨ ᠤ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶᠢᠭᠤᠯᠤᠮᠵᠢ ᠪᠠ ᠠᠵᠢᠯᠲᠠᠨ ᠢ ᠵᠣᠬᠢᠶᠠᠨ ᠪᠠᠶᠢᠭᠤᠯᠵᠤ᠂ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ᠂ ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ ᠪᠠ ᠦᠨᠡᠯᠡᠯᠲᠡ᠂ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ ᠥᠷᠨᠢᠭᠦᠯᠵᠦ᠂ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠠᠨ ᠨᠡᠶᠢᠲᠡ ᠶᠢᠨ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠠᠴᠠ ᠪᠤᠢ ᠪᠣᠯᠬᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠬᠦ ᠪᠤᠶᠤ ᠡᠭᠦᠰᠬᠦ ᠶᠢ ᠰᠡᠷᠭᠡᠶᠢᠯᠡᠵᠦ᠂ ᠶᠡᠭᠡ ᠭᠠᠮᠰᠢᠭ ᠤᠨ ᠲᠠᠷᠠᠭ᠎ᠠ ᠶᠡᠭᠡ ᠬᠢᠵᠢᠭ ᠦᠯᠦ ᠳᠡᠯᠭᠡᠷᠡᠬᠦ ᠶᠢ ᠦᠨᠡᠨ ᠬᠦ ᠪᠠᠲᠤᠯᠠᠨ᠎ᠠ᠃     4.4 ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ     ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠥᠪ ︵ᠥᠷᠲᠡᠭᠡ︶ ᠪᠣᠯᠣᠨ ᠪᠤᠰᠤᠳ ᠡᠮᠴᠢᠯᠡᠭᠡᠨ ᠤ ᠪᠠᠶᠢᠭᠤᠯᠤᠮᠵᠢ ᠨᠤᠭᠤᠳ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠥᠷᠨᠢᠭᠦᠯᠬᠦ ᠶᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠡᠷᠭᠡ ᠪᠠᠶᠢᠳᠠᠯ ᠢ ᠬᠡᠷᠡᠭ ᠭᠠᠷᠤᠭᠰᠠᠨ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠶᠢᠨ ᠲᠥᠯᠥᠭᠡ ᠪᠠᠶᠢᠭᠤᠯᠤᠭᠰᠠᠨ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠲᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃     ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠳᠦᠷ ᠪᠦᠷᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠷᠬᠠᠲᠠᠨ ᠡᠪᠡᠳᠴᠢᠲᠡᠨ ᠤ ᠪᠠᠶᠢᠳᠠᠯ᠂ ᠡᠮᠴᠢᠯᠡᠭᠡᠨ ᠤ ᠠᠪᠤᠷᠠᠨ ᠵᠠᠰᠠᠭᠰᠠᠨ ᠠᠬᠢᠴᠠ ᠵᠡᠷᠭᠡ ᠶᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠶᠢ ᠭᠥᠯᠢᠶᠡᠨ ᠠᠪᠤᠭᠰᠠᠨ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃     4.5 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠳᠡᠰ ᠳᠡᠪᠰᠢᠭᠦᠯᠬᠦ ᠪᠠ ᠵᠣᠭᠰᠤᠭᠠᠬᠤ     ᠭᠡᠨᠡᠳᠲᠡ ᠶᠢᠨ ᠴᠢᠨᠠᠷᠲᠠᠢ ᠣᠯᠠᠨ ᠨᠡᠶᠢᠲᠡ ᠶᠢᠨ ᠬᠡᠷᠡᠭ ᠨᠢ ᠴᠠᠭ ᠬᠤᠭᠤᠴᠠᠭ᠎ᠠ ᠶᠢ ᠳᠠᠭᠠᠯᠳᠤᠨ ᠤᠯᠠᠷᠢᠵᠤ᠂ ᠬᠦᠨᠳᠦ ᠨᠣᠴᠢᠲᠠᠢ ᠪᠠ ᠬᠤᠣᠷ ᠬᠥᠨᠥᠭᠡᠯ ᠤᠨ ᠬᠡᠮᠵᠢᠶ᠎ᠡ ᠨᠢ ᠤᠯᠠᠮ ᠨᠢᠭᠡ ᠠᠯᠬᠤᠮ ᠰᠢᠷᠦᠭᠦᠰᠬᠦ ᠶᠢᠨ ᠬᠠᠮᠲᠤ ᠥᠷᠭᠡᠵᠢᠨ ᠥᠷᠭᠡᠵᠢᠬᠦ ᠬᠠᠨᠳᠤᠰᠢ ᠲᠠᠢ ᠪᠤᠶᠤ ᠪᠠᠶᠢᠳᠠᠯ ᠨᠢ ᠪᠤᠳᠤᠯᠢᠶᠠᠨᠲᠠᠢ ᠪᠥᠭᠡᠳ ᠡᠵᠡᠮᠳᠡᠬᠦ ᠳᠤ ᠪᠡᠷᠬᠡᠲᠡᠢ ᠦᠶ᠎ᠡ ᠳᠤ᠂ ᠬᠡᠷᠡᠭ ᠡᠭᠦᠰᠦᠭᠰᠡᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠭᠡᠨᠡᠳᠲᠡ ᠶᠢᠨ ᠴᠢᠨᠠᠷᠲᠠᠢ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠪᠠᠶᠢᠭᠤᠯᠤᠮᠵᠢ ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠲᠠᠰ ᠢ ᠴᠠᠭ ᠲᠤᠬᠠᠢ ᠳᠤᠨᠢ ᠳᠡᠭᠡᠭᠰᠢᠯᠡᠭᠦᠯᠬᠦ ᠬᠡᠷᠡᠭᠲᠡᠢ᠃     ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠠᠶ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ ᠢ ᠡᠮᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠶ ᠡᠮᠨᠡᠨ ᠵᠠᠰᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ᠂ ᠠᠳᠠᠯᠢ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠤᠭᠤᠳᠬᠤ ᠪᠠᠶᠢᠭᠤᠯᠤᠮᠵᠢ ᠪᠤᠶᠤ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠳᠠᠭᠤᠰᠤᠭᠰᠠᠨ ᠮᠡᠳᠡᠭᠡ ᠵᠠᠩᠭᠢ ᠶᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠮᠡᠳᠡᠭᠦᠯᠦᠨ᠎ᠡ᠃     5. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ     ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠪᠣᠯᠣᠨ ᠡᠩᠨᠡᠭᠡ ᠶᠢᠨ ᠪᠠᠶᠢᠭᠤᠯᠤᠯᠲᠠ᠂ ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠬᠤ᠂ ᠪᠠᠶᠢᠩᠭᠤ ᠪᠡᠯᠡᠳᠬᠡᠯ ᠲᠠᠢ ᠪᠠᠶᠢᠬᠤ︾ ᠵᠠᠷᠴᠢᠮ ᠢ ᠵᠢᠷᠤᠮᠯᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠷᠭᠡᠵᠢᠯ ᠤᠨ ᠲᠥᠰᠥᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃     5.1 ᠮᠡᠳᠡᠭᠡ ᠵᠠᠩᠭᠢ ᠶᠢᠨ ᠰᠢᠰᠲ᠋ᠧᠮ ᠤᠨ ᠪᠠᠲᠤᠯᠠᠭ᠎ᠠ     ᠣᠲᠣ ᠶᠢᠨ ᠪᠠᠶᠢᠭ᠎ᠠ ᠡᠬᠢ ᠪᠠᠶᠠᠯᠢᠭ ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠭᠦᠢᠴᠡᠳ ᠬᠡᠷᠡᠭᠯᠡᠨ᠂ ᠥᠨᠳᠥᠷ ᠪᠦᠲᠦᠮᠵᠢᠲᠡᠶ ᠨᠢᠭᠡᠳᠦᠯᠲᠡᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ  ᠳᠤᠨᠢ᠂ ᠣᠨᠣᠪᠴᠢᠲᠠᠶ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠬᠠᠮᠤᠭ ᠤᠨ ᠲᠡᠷᠢᠭᠦᠨ ᠳᠤ ᠳᠠᠭᠠᠬᠤ ᠠᠵᠢᠯ ᠢ ᠥᠷᠨᠢᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠭᠤᠷᠣᠨᠳᠤ᠂ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠵᠦ᠂ ᠵᠠᠷᠯᠢᠭ ᠵᠢᠭᠠᠪᠤᠷᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠰᠢᠰᠲ᠋ᠧᠮ ᠬᠡᠰᠡᠭ ᠨᠢ ᠰᠢᠭᠤᠳ ᠰᠢᠯᠤᠭᠤᠨ᠂ ᠬᠡᠷᠡᠭᠵᠢᠭᠦᠯᠬᠦ ᠨᠢ ᠬᠦᠴᠦᠨ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃     5.2 ᠲᠦᠷᠭᠡᠨ ᠠᠪᠤᠷᠠᠯᠲᠠ ᠶᠢᠨ ᠪᠠᠶᠢᠭᠤᠯᠤᠮᠵᠢ ᠶᠢᠨ ᠪᠠᠲᠤᠯᠠᠭ᠎ᠠ     ︽ᠲᠦᠷᠭᠡᠨ ᠠᠪᠤᠷᠠᠯᠳᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠪᠣᠯᠣᠨ ︽ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠡᠮᠴᠢᠯᠡᠭᠡᠨ ᠤ ᠲᠦᠷᠭᠡᠨ ᠠᠪᠤᠷᠠᠯᠳᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠬᠤᠲᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠨᠢ ᠦᠢᠯᠡᠴᠢᠯᠡᠭᠡᠨ ᠤ ᠬᠥᠮᠥᠨ ᠠᠮᠠ ᠪᠣᠯᠣᠨ ᠡᠮᠴᠢᠯᠡᠭᠡᠨ ᠤ ᠠᠪᠤᠷᠠᠨ ᠠᠪᠤᠷᠠᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠡᠮᠴᠢᠯᠡᠭᠡᠨ ᠤ ᠲᠦᠷᠭᠡᠨ ᠠᠪᠤᠷᠠᠯᠳᠠ ᠶᠢᠨ ᠥᠷᠲᠡᠭᠡ ᠴᠢᠭ᠋ ᠢ ᠵᠦᠢ ᠵᠣᠬᠢᠰᠲᠠᠢ ᠪᠠᠶᠢᠷᠢᠰᠢᠭᠤᠯᠵᠤ᠂ ᠲᠦᠷᠭᠡᠨ ᠠᠪᠤᠷᠠᠯᠳᠠ ᠶᠢᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠂ ︽ᠬᠠᠭᠠᠰ ᠴᠠᠭ ᠤᠨ ᠠᠪᠤᠷᠠᠨ ᠲᠤᠰᠠᠯᠠᠬᠤ ᠬᠦᠷᠢᠶ᠎ᠡ︾ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠨᠢ ᠶᠡᠷᠦᠩᠬᠡᠶᠢᠯᠡᠭᠰᠡᠨ ᠬᠦᠴᠦᠨ ᠢᠶᠠᠷ ᠨᠡᠯᠢᠶᠡᠳ ᠴᠢᠩᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢᠶᠠᠷ ᠭᠤᠣᠯᠳᠠᠯᠭ᠎ᠠ ᠪᠣᠯᠭᠠᠵᠤ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠲᠦᠷᠭᠡᠨ ᠠᠪᠤᠷᠠᠯᠳᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃     5.3 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠶᠢᠨ ᠪᠠᠲᠤᠯᠠᠭ᠎ᠠ     ᠬᠤᠲᠠ ᠶᠢᠨ ᠱᠠᠲᠤᠨ ᠳᠤ 13 ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠭᠦᠨ ᠳᠤ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠡᠩᠨᠡᠭᠡ 6᠂ ᠰᠡᠳᠬᠢᠴᠡ ᠶᠢᠨ ᠬᠢᠮᠤᠷᠠᠯ ᠳᠤ ᠭᠠᠷ ᠳᠦᠷᠦᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1᠂ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠩᠭᠢ 2᠂ ᠭᠡᠨᠡᠳᠲᠡ ᠶᠢᠨ ᠬᠤᠣᠷᠳᠠᠯᠭ᠎ᠠ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 2᠂ ᠴᠥᠮ᠎ᠡ ᠪᠠ ᠰᠠᠴᠤᠷᠠᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1 ᠪᠣᠶ᠃ ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠨᠢ ᠭᠤᠣᠯᠳᠠᠭᠤ ᠬᠤᠲᠠ ᠶᠢᠨ ᠬᠡᠪᠴᠢᠶᠡᠨ ᠳᠣᠲᠣᠷᠠᠬᠢ ᠨᠡᠯᠢᠶᠡᠳ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠬᠦ ᠶᠢᠨ ᠬᠠᠮᠲᠤ᠂ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠨᠡᠯᠢᠶᠡᠳ ᠶᠡᠭᠡ ᠵᠢᠴᠢ ᠲᠡᠭᠦᠨ ᠠᠴᠠ ᠳᠣᠷᠣᠭᠰᠢᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃     ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠴᠢᠨᠠᠷᠲᠠᠢ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠠᠯᠪᠤᠷᠢ ᠪᠠᠭ᠎ᠠ ᠠᠩᠭᠢ ︵ᠬᠤᠰᠢᠭᠤ ᠰᠢᠶᠠᠨ ᠤ ᠱᠠᠲᠤ ᠪᠦᠷᠢ ᠳᠤ 50 ᠬᠥᠮᠥᠨ ᠠᠴᠠ ᠳᠤᠲᠠᠭᠤ ᠦᠭᠡᠢ︶ ᠶᠢ ᠪᠠᠶᠢᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠣᠨᠴᠠᠯᠢᠭ ᠢᠶᠠᠨ ᠦᠨᠳᠦᠰᠦᠯᠡᠨ᠂ ᠣᠨᠴᠣᠭᠤᠢ ᠲᠤᠰᠬᠠᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠵᠢᠯᠲᠠᠨ ᠤ ᠬᠤᠪᠢᠷᠠᠯᠲᠠ ᠪᠠ ᠪᠣᠳᠠᠲᠠᠢ ᠪᠠᠶᠢᠳᠠᠯ ᠢ ᠦᠨᠳᠦᠰᠦᠯᠡᠨ᠂ 3 ᠵᠢᠯ ᠪᠦᠷᠢ ᠨᠢᠭᠡ ᠤᠳᠠᠭ᠎ᠠ ᠡᠩᠨᠡᠭᠡ ᠶᠢᠨ ᠪᠦᠷᠢᠯᠳᠦᠭᠦᠨ ᠳᠤ ᠲᠣᠬᠢᠷᠠᠭᠤᠯᠤᠯᠲᠠ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠬᠠᠮᠲᠤ ᠴᠢᠩᠭ᠎ᠠ ᠬᠠᠮᠢᠶᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠪᠠ ᠰᠣᠷᠢᠯᠲᠠ ᠶᠢ ᠥᠷᠨᠢᠭᠦᠯᠦᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃     5.4 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ     ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ ᠡᠮᠴᠢᠯᠡᠭᠡᠨ ᠤ ᠪᠠᠶᠢᠭᠤᠯᠤᠮᠵᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠢᠳᠡᠪᠬᠢᠲᠡᠢ ᠥᠷᠨᠢᠭᠦᠯᠵᠦ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠣᠨ ᠤ ᠰᠣᠷᠢᠯᠲᠠ ᠶᠢᠨ ᠲᠥᠯᠥᠪᠯᠡᠭᠡ ᠶᠢ ᠲᠣᠭᠲᠠᠭᠠᠵᠤ᠂ ᠰᠢᠷᠡᠭᠡᠨ ᠨᠢᠭᠤᠷ ᠤᠨ ᠰᠣᠷᠢᠯᠲᠠ ᠪᠤᠶᠤ ᠪᠣᠳᠠᠲᠤ ᠪᠠᠶᠢᠯᠳᠤᠭᠠᠨ ᠤ ᠰᠣᠷᠢᠯᠲᠠ᠂ ᠬᠡᠰᠡᠭ ᠴᠢᠳᠠᠮᠵᠢ ᠶᠢᠨ ᠰᠣᠷᠢᠯᠲᠠ ᠪᠤᠶᠤ ᠪᠥᠬᠦ ᠲᠠᠯ᠎ᠠ ᠶᠢᠨ ᠰᠣᠷᠢᠯᠲᠠ ᠵᠡᠷᠭᠡ ᠬᠡᠯᠪᠡᠷᠢ ᠶᠢ ᠠᠪᠴᠤ ᠪᠣᠯᠣᠨ᠎ᠠ᠃ ᠰᠣᠷᠢᠯᠲᠠ ᠳᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠂ ᠵᠣᠬᠢᠶᠠᠨ ᠪᠠᠶᠢᠭᠤᠯᠤᠨ ᠬᠠᠮᠢᠶᠠᠷᠬᠤ᠂ ᠲᠦᠷᠭᠡᠨ ᠲᠤᠰᠬᠠᠬᠤ ︵ᠡᠩᠨᠡᠭᠡ ᠴᠤᠭᠯᠠᠷᠠᠬᠤ᠂ ᠲᠤᠬᠠᠢ ᠶᠢᠨ ᠲᠠᠯᠠᠪᠤᠷ ᠲᠤ ᠠᠪᠤᠷᠠᠨ ᠡᠮᠨᠡᠬᠦ᠂ ᠰᠢᠷᠬᠠᠲᠤᠭᠰᠠᠳ ᠢ ᠰᠢᠯᠵᠢᠭᠦᠯᠦᠨ ᠲᠡᠭᠡᠭᠡᠪᠦᠷᠢᠯᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠡᠮᠨᠡᠬᠦ ᠵᠡᠷᠭᠡ︶᠂ ᠡᠳ᠋ ᠪᠣᠳᠠᠰ ᠨᠥᠭᠡᠴᠡᠯᠡᠬᠦ᠂ ᠰᠠᠯᠠᠭ᠎ᠠ ᠮᠥᠴᠢᠷ ᠵᠣᠬᠢᠴᠠᠭᠤᠯᠬᠤ᠂ ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠮᠡᠳᠡᠭᠡ ᠵᠠᠩᠭᠢᠵᠢᠯᠲᠠ ᠶᠢᠨ ᠬᠠᠮᠵᠢᠯᠴᠠᠭ᠎ᠠ ᠵᠡᠷᠭᠡ ᠠᠭᠤᠯᠭ᠎ᠠ ᠲᠠᠢ ᠬᠤᠯᠪᠣᠭᠳᠠᠭᠰᠠᠨ ᠪᠠᠶᠢᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠰᠣᠷᠢᠯᠲᠠ ᠳᠤ ᠤᠯᠠᠨ ᠨᠡᠶᠢᠲᠡ ᠪᠠᠷ ᠢᠶᠠᠨ ᠣᠷᠣᠯᠴᠠᠬᠤ ᠴᠢᠬᠤᠯᠠᠲᠠᠢ ᠪᠠᠶᠢᠪᠠᠯ᠂ ᠡᠷᠬᠡᠪᠰᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃     5.5 ᠡᠳ᠋ ᠪᠣᠳᠠᠰ ᠤᠨ ᠨᠥᠭᠡᠴᠡᠯᠡᠯᠲᠡ ᠶᠢᠨ ᠪᠠᠲᠤᠯᠠᠭ᠎ᠠ     ︽ᠤᠯᠤᠰ ᠤᠨ ᠡᠮ ᠡᠮᠨᠡᠯᠭᠡ ᠶᠢᠨ ᠨᠥᠭᠡᠴᠡ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠮ ᠡᠮᠨᠡᠯᠭᠡ ᠶᠢᠨ ᠨᠥᠭᠡᠴᠡ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠵᠡᠷᠭᠡ ᠰᠠᠯᠠᠭ᠎ᠠ ᠮᠥᠴᠢᠷ ᠤᠳ ᠨᠡᠪᠲᠡᠷᠡᠯᠴᠡᠬᠦ᠂ ᠵᠣᠬᠢᠴᠠᠭᠤᠯᠤᠨ ᠬᠠᠮᠵᠢᠯᠴᠠᠬᠤ᠂ ᠠᠵᠢᠯ ᠬᠤᠪᠢᠶᠠᠷᠢᠯᠠᠨ ᠬᠠᠷᠢᠭᠤᠴᠠᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠲᠥᠬᠦᠭᠡᠷᠦᠮᠵᠢ᠂ ᠲᠦᠷᠭᠡᠨ ᠪᠠᠶᠢᠴᠠᠭᠠᠨ ᠬᠡᠮᠵᠢᠬᠦ ᠪᠠᠭᠠᠵᠢ ᠬᠡᠷᠡᠭᠰᠡᠯ ᠪᠣᠯᠣᠨ ᠤᠷᠪᠠᠯᠵᠢ᠂ ᠡᠷᠡᠭᠦᠯ ᠬᠠᠮᠠᠭᠠᠯᠠᠯ ᠤᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠵᠡᠷᠭᠡ ᠡᠳ᠋ ᠪᠠᠷᠠᠭ᠎ᠠ ᠨᠥᠭᠡᠴᠡᠯᠡᠬᠦ ᠪᠠ ᠪᠠᠲᠤᠯᠠᠬᠤ ᠶᠢ ᠰᠠᠶᠢᠲᠤᠷ ᠬᠢᠬᠦ ᠬᠡᠷᠡᠭᠲᠡᠢ᠃     5.6 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ     ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠡᠭᠦᠷᠭᠡᠯᠡᠬᠦ ᠶᠣᠰᠣᠲᠠᠢ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠳᠤ ᠵᠠᠪᠠᠯ ᠬᠡᠷᠡᠭᠰᠡᠬᠦ ᠵᠠᠷᠤᠳᠠᠯ ᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ ᠵᠠᠷᠤᠳᠠᠯ ᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃     ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠪᠠᠯ᠂ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠮᠨᠡᠨ ᠵᠠᠰᠠᠵᠤ ᠠᠪᠤᠷᠠᠬᠤ ᠵᠠᠷᠤᠳᠠᠯ ᠢ ᠡᠭᠦᠷᠭᠡᠯᠡᠬᠦ ᠪᠤᠶᠤ ᠨᠥᠬᠦᠪᠦᠷᠢ ᠣᠯᠭᠤᠨ᠎ᠠ᠃     ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠪᠣᠯᠤᠭᠰᠠᠨ ᠬᠥᠮᠥᠨ ᠦᠬᠦᠵᠦ ᠰᠢᠷᠬᠠᠲᠤᠭᠰᠠᠨ ᠪᠠᠶᠢᠪᠠᠯ᠂ ᠠᠳᠡᠯ ᠭᠠᠷᠤᠭᠰᠠᠨ ᠨᠢᠭᠡᠴᠢ ᠨᠢ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠦᠷᠳᠡᠭᠡ︶ ᠪᠤᠶᠤ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠠᠪᠤᠴᠠ ᠳᠤ ᠡᠭᠦᠰᠦᠭᠰᠡᠨ ᠵᠠᠷᠤᠳᠠᠯ ᠢ ᠥᠭᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠷᠢᠭᠤᠴᠠᠵᠤ ᠪᠠᠶᠢᠭᠠᠳ ᠰᠢᠪᠠᠳᠠᠨ ᠨᠠᠶᠢᠳᠠᠪᠤᠷᠢᠵᠢᠭᠤᠯᠬᠤ ᠬᠡᠷᠡᠭᠲᠡᠢ᠃     ᠨᠡᠶᠢᠭᠡᠮ ᠤᠨ ᠠᠮᠤᠷ ᠲᠦᠪᠰᠢᠨ ᠤ ᠬᠡᠷᠡᠭ ᠤᠨ ᠳᠤᠮᠳᠠ ᠡᠭᠦᠰᠦᠭᠰᠡᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠬᠠᠷᠢᠭᠤᠴᠠᠯᠭᠠᠲᠤ ᠨᠢᠭᠡᠴᠡ ᠪᠤᠶᠤ ᠬᠠᠷᠢᠭᠤᠴᠠᠯᠭᠠᠲᠠᠨ ᠠᠴᠠ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠳᠤ ᠨᠥᠬᠦᠪᠦᠷᠢ ᠣᠯᠭᠤᠵᠤ ᠪᠣᠯᠣᠨ᠎ᠠ᠃     ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠥᠮᠥᠨ ᠤ ᠪᠡᠶ᠎ᠡ᠂ ᠡᠮᠴᠢᠯᠡᠭᠡ᠂ ᠡᠷᠡᠭᠦᠯ ᠮᠡᠨᠳᠦ ᠵᠡᠷᠭᠡ ᠳᠠᠭᠠᠳᠬᠠᠯ ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ ᠲᠤ ᠲᠥᠯᠥᠪᠦᠷᠢ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃     5.7 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠠᠮ ᠲᠡᠭᠡᠭᠡᠪᠦᠷᠢ ᠶᠢᠨ ᠪᠠᠲᠤᠯᠠᠭ᠎ᠠ    ᠡᠯ᠎ᠡ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠨᠦᠭᠦᠳ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠪᠤᠷᠠᠨ ᠲᠤᠰᠠᠯᠠᠬᠤ ᠲᠡᠷᠭᠡ ᠬᠥᠰᠬᠡ᠂ ᠵᠠᠮ ᠬᠠᠷᠢᠯᠴᠠᠭᠠᠨ ᠤ ᠪᠠᠭᠠᠵᠢ ᠪᠣᠯᠣᠨ ᠴᠢᠮᠡᠭᠡ ᠬᠤᠯᠪᠣᠭᠠᠨ ᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠃ ᠲᠡᠮᠦᠷ ᠵᠡᠮ᠂ ᠵᠡᠮ ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ︵ᠵᠡᠮ ᠬᠠᠷᠢᠯᠴᠠᠭᠠᠨ ᠤ ᠬᠠᠮᠢᠶᠠᠷᠤᠯᠲᠠ︶ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠲᠡᠭᠡᠭᠡᠪᠦᠷᠢ ᠶᠢ ᠤᠷᠢᠳᠠᠪᠠᠷ ᠲᠣᠬᠢᠷᠠᠭᠤᠯᠬᠤ᠂ ᠤᠷᠢᠳᠠᠪᠠᠷ ᠲᠣᠬᠢᠷᠠᠭᠤᠯᠬᠤ᠂ ᠤᠷᠢᠳᠠᠪᠠᠷ ᠲᠠᠯᠪᠢᠵᠤ ᠶᠠᠪᠤᠭᠤᠯᠬᠤ ᠶᠢ ᠪᠠᠲᠤᠯᠠᠵᠤ᠂ ᠲᠡᠭᠡᠭᠡᠪᠦᠷᠢ ᠶᠢᠨ ᠠᠶᠤᠯᠭᠦᠢ ᠪᠥᠭᠡᠳ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠪᠠᠶᠢᠳᠠᠯ ᠣᠨᠴᠠᠭᠠᠢ ᠪᠠᠴᠢᠮ ᠦᠶ᠎ᠡ ᠳᠤ᠂ ᠲᠤᠬᠠᠢ ᠶᠢᠨ ᠲᠠᠯᠠᠪᠠᠶ ᠵᠢᠴᠢ ᠬᠠᠮᠢᠶ᠎ᠠ ᠪᠦᠬᠦᠢ ᠨᠡᠪᠲᠡᠷᠡᠬᠦ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ︽ᠰᠠᠭᠠᠳ ᠦᠭᠡᠢ ᠨᠡᠪᠲᠡᠷᠡᠬᠦ ᠵᠠᠮ︾ ᠭᠠᠷᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃     5.8 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ     ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃     ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠠᠮᠤᠷ ᠢ ᠬᠠᠮᠠᠭᠠᠯᠠᠬᠤ ᠡᠮᠬᠢ ᠵᠢᠷᠤᠮ᠂ ᠵᠠᠮ ᠬᠠᠷᠢᠯᠴᠠᠭᠠᠨ ᠤ ᠡᠮᠬᠢ ᠵᠢᠷᠤᠮ ᠢ ᠬᠠᠷᠢᠭᠤᠴᠠᠨ ᠬᠠᠮᠠᠭᠠᠯᠠᠵᠤ᠂ ᠲᠤᠬᠠᠢ ᠶᠢᠨ ᠲᠠᠯᠠᠪᠤᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ ᠮᠥᠴᠢᠷ ᠤᠳ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠲᠥᠬᠦᠭᠡᠷᠦᠮᠵᠢ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠳ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠡᠪᠯᠡᠯ ᠤᠨ ᠪᠠᠶᠢᠭᠠᠯᠢ ᠶᠢᠨ ᠭᠠᠮᠰᠢᠭ ᠬᠢᠭᠡᠳ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾  ᠤᠨ ᠶᠣᠰᠣᠭᠠᠷ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠶᠢᠨ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ ᠶᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠤᠷᠢᠶᠠᠯᠠᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠪᠡᠯᠡᠭᠯᠡᠨ ᠬᠦᠷᠭᠡᠭᠰᠡᠨ ᠵᠦᠢᠯ ᠢ ᠬᠠᠤᠯᠢ ᠶᠣᠰᠣᠭᠠᠷ ᠬᠦᠯᠢᠶᠡᠨ ᠠᠪᠴᠤ᠂ ᠬᠥᠮᠦᠯᠢᠭ ᠦᠵᠡᠯ ᠤᠨ ᠪᠠᠴᠢᠮ ᠬᠡᠷᠡᠭᠴᠡᠭᠡ ᠲᠠᠢ ᠲᠤᠰᠠᠯᠠᠮᠵᠢ ᠦᠵᠡᠭᠦᠯᠪᠡ᠃     ᠪᠠᠶᠠᠨᠨᠠᠭᠤᠷ ᠤᠨ ᠴᠡᠷᠢᠭ ᠤᠨ ᠬᠤᠪᠢᠶᠠᠷᠢ ᠲᠣᠭᠤᠷᠢᠭ ᠨᠢ ᠴᠡᠷᠢᠭ ᠠᠩᠭᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠷᠢᠭᠤᠴᠠᠨ ᠵᠣᠬᠢᠴᠠᠭᠤᠯᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠴᠢ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠪᠠ ᠬᠦᠴᠦᠨ ᠢ ᠵᠣᠬᠢᠶᠠᠨ ᠪᠠᠶᠢᠭᠤᠯᠵᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠡᠮᠵᠢᠨ ᠬᠠᠮᠵᠢᠯᠴᠠᠨ᠎ᠠ᠃     ᠤᠷᠠᠳ ᠪᠣᠭᠤᠮᠲᠠ ᠨᠢ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠪᠠᠴᠢᠮ ᠬᠡᠷᠡᠭᠴᠡᠭᠡ ᠲᠠᠢ ᠡᠳ᠋ ᠪᠣᠳᠠᠰ ᠢ ᠤᠷᠢᠳᠠᠪᠠᠷ ᠪᠠᠶᠢᠴᠠᠭᠠᠨ ᠰᠢᠯᠭᠠᠵᠤ ᠶᠠᠪᠤᠭᠤᠯᠬᠤ ᠶᠢ ᠬᠠᠷᠢᠭᠤᠴᠠᠨ᠎ᠠ᠃     6. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠣᠯᠠᠨ ᠨᠡᠶᠢᠲᠡ ᠪᠠᠷ ᠢᠶᠠᠨ ᠣᠷᠣᠯᠴᠠᠨ᠎ᠠ     ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ ᠶᠢ ᠵᠣᠬᠢᠶᠠᠨ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢ ᠨᠤᠭᠤᠳ ᠨᠡᠶᠢᠭᠡᠮ ᠨᠡᠶᠢᠲᠡ ᠳᠤ ᠬᠢᠬᠦ ᠤᠬᠠᠭᠤᠯᠭ᠎ᠠ ᠬᠥᠮᠦᠵᠢᠯ ᠢᠶᠠᠨ ᠥᠷᠭᠡᠳᠬᠡᠬᠦ ᠬᠡᠷᠡᠭᠲᠡᠢ︔ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠤᠳ ᠥᠪᠡᠷ ᠤᠨ ᠬᠠᠷᠢᠶᠠᠨ ᠳᠠᠬᠢ ᠬᠥᠮᠥᠰ ᠲᠡᠭᠡᠨ ᠬᠢᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠬᠤ ᠬᠡᠷᠡᠭᠲᠡᠢ︔ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠬᠠᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠪᠠ ᠪᠠᠭᠰᠢ ᠨᠠᠷ ᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠲᠦᠪᠰᠢᠨ ᠤ ᠠᠵᠢᠯᠲᠠᠨ ᠪᠠ ᠡᠷᠡᠭᠦᠯ ᠬᠠᠮᠠᠭᠠᠯᠠᠭᠴᠢ ᠪᠠᠷ ᠭᠤᠣᠯᠯᠠᠭᠴᠢ ᠬᠦᠴᠦᠨ ᠪᠣᠯᠭᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠣᠯᠪᠠᠰᠤᠷᠠᠭᠤᠯᠤᠯ ᠪᠠ ᠰᠣᠷᠢᠯᠲᠠ ᠪᠠᠷ ᠳᠡᠮᠵᠢᠨ ᠲᠡᠳᠡᠨ ᠤ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     7. ᠳᠠᠭᠠᠯᠳᠤᠭᠤᠯᠤᠭᠰᠠᠨ ᠳᠦᠷᠢᠮ    7.1 ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ     ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠠᠴᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     7.2 ᠪᠡᠯᠡᠳᠬᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ     ᠲᠣᠰ ᠪᠡᠯᠡᠳᠬᠡᠯ ᠲᠥᠰᠥᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠨᠢ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃     ᠲᠣᠰ ᠪᠡᠯᠡᠳᠬᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠴᠠᠭ ᠲᠤᠬᠠᠢ ᠳᠤᠨᠢ ᠵᠠᠰᠠᠪᠤᠷᠢ ᠣᠷᠣᠭᠤᠯᠵᠤ ᠨᠥᠬᠦᠪᠦᠷᠢᠯᠡᠨ᠎ᠡ᠃     7.3 ᠪᠡᠯᠡᠳᠬᠡᠯ ᠲᠥᠰᠥᠯ ᠢ ᠲᠠᠶᠢᠯᠪᠤᠷᠢᠯᠠᠬᠤ ᠰᠠᠯᠠᠭ᠎ᠠ ᠮᠥᠴᠢᠷ     ᠲᠤᠰ ᠲᠥᠰᠥᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃     7.4 ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ     ᠲᠤᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ