ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ | ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠨᠢᠭᠡ ᠪᠣᠯᠣᠨ᠎ᠠ᠂ ᠨᠡᠩ ᠴᠤ ᠥᠪᠥᠷ ᠮᠣᠩᠭᠤᠯ ᠤᠨ ᠡᠷᠬᠡᠪᠰᠢ ᠰᠠᠶᠢᠲᠤᠷ | ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃ 2023 ᠣᠨ ᠳᠤ᠂ ᠥᠪᠥᠷ ᠮᠣᠩᠭᠤᠯ ᠶᠡᠭᠡ ᠲᠠᠯ᠎ᠠ ᠶᠢ ᠪᠠᠲᠤᠯᠠᠬᠤ᠂ | ᠶᠡᠭᠡ ᠲᠠᠯ᠎ᠠ ᠶᠢ ᠪᠣᠳᠣᠯᠬᠢᠯᠠᠬᠤ ᠶᠢ ᠪᠠᠷᠢᠮᠲᠠᠯᠠᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ 9.45 ᠳ᠋ᠦᠩᠰᠢᠭᠤᠷ ᠲᠣᠨ ᠨᠡᠭᠦᠷᠡᠰᠦ | ᠬᠠᠩᠭᠠᠬᠤ ᠶᠢ ᠪᠠᠲᠤᠯᠠᠬᠤ ᠡᠭᠦᠷᠭᠡ ᠶᠢ ᠪᠡᠶᠡᠯᠡᠭᠦᠯᠵᠦ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠭᠢᠯᠦᠸᠠᠲ ᠢ ᠳᠠᠪᠠᠵᠤ᠂ | ᠡᠨᠧᠷᠭᠢ ᠶᠢᠨ ᠬᠦᠷᠢᠶᠡᠨ ᠳᠠᠬᠢ ︽ᠪᠦᠭᠦ ᠤᠯᠤᠰ ᠤᠨ 10 ᠨᠢᠭᠡᠳᠦᠭᠡᠷ︾ ᠢ ᠪᠡᠶᠡᠯᠡᠭᠦᠯᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ | ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃ | ︽ᠡᠨᠧᠷᠭᠢ ᠶᠢᠨ ᠪᠤᠳᠠᠭᠠᠨ ᠠᠶᠠᠭ᠎ᠠ ᠶᠢ ᠡᠷᠬᠡᠪᠰᠢ ᠥᠪᠡᠷ ᠤᠨ ᠭᠠᠷ ᠲᠠᠭᠠᠨ ᠠᠳᠬᠤᠬᠤ ᠬᠡᠷᠡᠭᠲᠡᠢ︾᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠳᠤᠯ ᠦᠭᠡᠢ | ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠡᠨᠧᠷᠭᠢ ᠶᠢᠨ ᠠᠵᠤ | ᠦᠢᠯᠡᠰ ᠤᠨ ᠪᠦᠲᠦᠴᠡ ᠶᠢ ᠢᠳᠡᠪᠬᠢᠲᠡᠢ ᠳᠠᠭᠢᠨ ᠴᠣᠭᠴᠠᠯᠠᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ᠂ ᠠᠮᠤᠷ ᠲᠦᠪᠰᠢᠨ ᠥᠨᠳᠥᠷ ᠪᠦᠲᠦᠮᠵᠢᠲᠡᠶ ᠣᠲᠣ | ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠡᠨᠧᠷᠭᠢ ᠶᠢᠨ ᠠᠵᠤ ᠦᠢᠯᠡᠰ ᠲᠤ ᠥᠷᠨᠢᠭᠦᠨ ᠪᠠᠳᠠᠷᠠᠩᠭᠤᠢ ᠠᠮᠢᠵᠢᠷᠠᠯ ᠤᠨ | ᠬᠦᠴᠦᠨ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠢᠯᠡᠷᠡᠪᠡ᠃ ᠡᠨᠡ ᠵᠢᠯ ᠤᠨ 1 — 7 ᠰᠠᠷ᠎ᠠ ᠳᠤ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠭᠤᠣᠯ ᠪᠤᠯᠬᠤ ᠡᠨᠧᠷᠭᠢ ᠶᠢᠨ ᠦᠢᠯᠡᠳᠬᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠵᠦ᠂ ᠲᠦᠭᠦᠬᠡᠢ ᠨᠡᠭᠦᠷᠡᠰᠦᠨ ᠤ ᠭᠠᠷᠤᠯᠲᠠ᠂ | ᠴᠠᠭᠢᠯᠭᠠᠨ ᠭᠠᠷᠭᠠᠬᠤ ᠬᠡᠮᠵᠢᠶ᠎ᠡ ᠪᠦᠭᠦ ᠤᠯᠤᠰ ᠲᠤ ᠲᠡᠷᠢᠭᠦᠯᠡᠵᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠᠶᠢᠳᠠᠯ ᠲᠣᠭᠲᠠᠭᠤᠨ ᠪᠠᠶᠢᠨ᠎ᠠ᠃ | 8 ᠰᠠᠷ᠎ᠠ ᠶᠢᠨ 25 ᠠᠴᠠ 29 ᠤ ᠡᠳᠦᠷ ᠪᠤᠯᠲᠠᠯ᠎ᠠ᠂ ︽ᠰᠢᠨ᠎ᠡ ᠵᠠᠮ ᠨᠡᠭᠡᠭᠡᠬᠦ ᠰᠢᠨ᠎ᠡ ᠦᠢᠯᠡᠳᠦᠯᠭᠡ — ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ | ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ ᠰᠤᠳᠤᠯᠤᠯᠲᠠ ᠶᠢᠨ ᠠᠶᠠᠯᠠᠯ︾ ᠵᠢᠴᠢ ︽ᠪᠦᠷᠢᠨ ᠵᠠᠭᠤᠴᠢᠯᠠᠭᠤᠷ ᠤᠨ ᠦᠢᠯᠡᠳᠪᠦᠷᠢᠯᠡᠯ ᠳᠠᠮᠵᠢᠭᠤᠯᠭ᠎ᠠ ᠶᠢᠨ | ᠲᠣᠭᠲᠠᠴᠠ ᠶᠢ ᠪᠠᠶᠢᠭᠤᠯᠵᠤ ᠭᠤᠣᠯ ᠵᠠᠭᠤᠴᠢᠯᠠᠭᠤᠷ ᠤᠨ ᠰᠢᠰᠲ᠋ᠧᠮ ᠤᠨ ᠴᠢᠨᠠᠷᠲᠠᠢ ᠬᠤᠪᠢᠰᠤᠯᠲᠠ ᠶᠢ ᠠᠬᠢᠭᠤᠯᠬᠤ︾ᠠᠵᠢᠯ ᠤᠨ ᠰᠣᠯᠢᠯᠴᠠᠭᠠᠨ ᠤ ᠬᠤᠷᠠᠯ ᠤᠨ | ᠵᠠᠭᠤᠴᠢᠯᠠᠭᠤᠷ ᠤᠨ ᠪᠦᠯᠭᠦᠮ ᠥᠪᠥᠷ ᠮᠣᠩᠭᠤᠯ ᠳᠤ ᠢᠷᠡᠵᠦ᠂ ᠣᠶᠤᠨᠴᠢᠯᠠᠭᠰᠠᠨ ᠨᠡᠭᠦᠷᠡᠰᠦᠨ ᠠᠭᠤᠷᠬᠠᠢ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ | ᠦᠢᠯᠡᠰ ᠤᠨ ᠬᠦᠷᠢᠶᠡᠯᠡᠩ᠂ ᠪᠤᠭᠤᠲᠤ ᠶᠢᠨ ᠬᠤᠪᠣᠷ ᠰᠢᠷᠣᠢ ᠶᠢᠨ ᠮᠦᠽᠧᠢ ᠳᠤ ᠭᠦᠨᠵᠡᠭᠡᠶᠢᠷᠡᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ | ᠡᠬᠢ ᠪᠠᠶᠠᠯᠢᠭ ᠤᠨ ᠰᠠᠭᠤᠷᠢᠨ ᠤ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠰᠢᠨ᠎ᠡ ᠰᠦᠪᠡᠭᠴᠢᠯᠡᠯᠲᠡ᠂ ᠰᠢᠨ᠎ᠡ | ᠦᠢᠯᠡᠳᠦᠯᠭᠡ᠂ ᠰᠢᠨ᠎ᠡ ᠦᠷ᠎ᠡ ᠪᠦᠲᠦᠮᠵᠢ ᠶᠢ ᠣᠶᠢᠷ᠎ᠠ ᠵᠠᠢ ᠠᠴᠠ ᠣᠶᠢᠯᠠᠭᠠᠪᠠ᠃ | ︽ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ ᠬᠠᠷᠠᠯᠲᠠ ᠶᠢ ᠣᠨᠢᠯᠠᠵᠤ ᠤᠳᠤ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢ ᠳᠡᠭᠡᠳᠦ ᠳᠡᠰᠵᠢᠭᠰᠡᠨ ᠤᠯᠠᠨ ᠡᠰᠢᠴᠢᠯᠡᠭᠰᠡᠨ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠠᠬᠢᠭᠤᠯᠤᠨ᠎ᠠ | ᠤᠯᠠᠪᠤᠷ ᠰᠢᠷ᠎ᠠ ᠠᠵᠢᠯ ᠤᠨ ᠬᠤᠪᠴᠠᠰᠤ᠂ ᠤᠯᠠᠭᠠᠨ ᠥᠩᠭᠡᠲᠡᠢ ᠬᠠᠮᠠᠭᠠᠯᠠᠯᠲᠠ ᠶᠢᠨ ᠮᠠᠯᠠᠭᠠᠢ᠂ ᠬᠠᠷ᠎ᠠ ᠥᠩᠭᠡᠲᠡᠢ ᠠᠭᠤᠷᠬᠠᠢ ᠶᠢᠨ ᠭᠤᠳᠤᠯ ᠡᠮᠦᠰᠴᠦ ᠁ 8 | ᠰᠠᠷ᠎ᠠ ᠶᠢᠨ 28 ᠤ ᠦᠳᠡ ᠶᠢᠨ ᠬᠤᠶᠢᠨᠠᠬᠢ 5 ᠴᠠᠭ ᠤᠨ ᠦᠶ᠎ᠡ ᠪᠠᠷ᠂ ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ | ᠪᠠᠶᠢᠴᠠᠭᠠᠨ ᠰᠤᠳᠤᠯᠤᠯᠲᠠ ᠶᠢᠨ ᠵᠠᠭᠤᠴᠢᠯᠠᠭᠤᠷ ᠤᠨ ᠪᠦᠯᠭᠦᠮ ᠤᠨ ᠬᠢᠨ ᠨᠠᠷᠢᠨ ᠨᠢᠮᠪᠠᠢ ︽ᠵᠠᠰᠠᠵᠤ ᠴᠢᠮᠡᠭᠯᠡᠭᠰᠡᠨ︾ ᠤ ᠲᠠᠷᠠᠭ᠎ᠠ᠂ ᠳᠡᠯᠪᠡᠷᠡᠬᠦ ᠠᠴᠠ ᠰᠡᠷᠭᠡᠶᠢᠯᠡᠬᠦ | ᠲᠡᠷᠭᠡᠨ ᠳᠤ ᠰᠠᠭᠤᠵᠤ ᠱᠧᠨ ᠳ᠋ᠦᠩ ᠨᠡᠭᠦᠷᠡᠰᠦᠨ ᠠᠭᠤᠷᠬᠠᠢ ᠶᠢᠨ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠢ ᠶᠢᠨ ᠭᠠᠵᠠᠷ ᠳᠣᠣᠷᠠᠬᠢ 200 ᠮᠸᠲᠷ ᠭᠦᠨ | ᠳᠠᠬᠢ ᠣᠶᠤᠨᠴᠢ ᠶᠡᠷᠦᠩᠬᠡᠶᠢᠯᠡᠨ ᠮᠠᠯᠲᠠᠬᠤ ᠳᠠᠪᠬᠤᠷᠭ᠎ᠠ ᠳᠤ ᠣᠷᠣᠵᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠱᠧᠨ ᠳ᠋ᠦᠩ ᠨᠡᠭᠦᠷᠡᠰᠦᠨ ᠤ | ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠢ ᠶᠢᠨ 8.8 ᠮᠸᠲᠷ ᠤᠨ ᠭᠡᠲᠦ ᠥᠨᠳᠥᠷ ᠠᠴᠠ ᠣᠶᠤᠨᠴᠢ ᠶᠡᠷᠦᠩᠬᠡᠶᠢᠯᠡᠨ ᠮᠠᠯᠲᠠᠬᠤ ᠠᠵᠢᠯᠯᠠᠬᠤ ᠳᠠᠪᠬᠤᠷᠭ᠎ᠠ ᠪᠣᠯ | ᠳᠡᠯᠡᠬᠡᠢ ᠶᠢᠨ ᠠᠩᠬᠠᠳᠠᠭᠴᠢ 8.8 ᠮᠸᠲᠷ ᠤᠨ ᠭᠡᠲᠦ ᠥᠨᠳᠥᠷ ᠠᠴᠠ ᠮᠠᠯᠲᠠᠬᠤ ᠣᠶᠤᠨᠴᠢ ᠲᠥᠬᠦᠭᠡᠷᠦᠮᠵᠢ ᠪᠠᠶᠢᠵᠤ᠂ 2018 ᠣᠨ ᠳᠤ ᠠᠰᠢᠭᠯᠠᠯᠲᠠ ᠳᠤ ᠣᠷᠣᠪᠠ᠃ | ᠠᠰᠢᠭᠯᠠᠯᠲᠠ ᠳᠤ ᠣᠷᠣᠭᠰᠠᠨ ᠠᠴᠠ ᠨᠠᠭᠠᠰᠢ᠂ ᠲᠣᠰ ᠠᠵᠢᠯᠯᠠᠬᠤ ᠳᠠᠪᠬᠤᠷᠭ᠎ᠠ ᠨᠢ ᠥᠨᠳᠥᠷ ᠠᠴᠠ ᠮᠠᠯᠲᠠᠬᠤ᠂ ᠭᠠᠭᠴᠠ ᠲᠠᠯ᠎ᠠ ᠶᠢᠨ ᠲᠠᠯᠠᠪᠠᠶ ᠨᠢᠭᠡᠴᠢ ᠶᠢᠨ ᠤᠨᠠᠯᠲᠠ᠂ | ᠮᠠᠰᠢᠨ ᠴᠣᠭᠴᠠᠯᠠᠪᠤᠷᠢ ᠶᠢᠨ ᠴᠢᠳᠠᠮᠵᠢ᠂ ᠦᠢᠯᠡᠳᠪᠦᠷᠢᠯᠡᠯ ᠤᠨ ᠦᠷ᠎ᠡ ᠪᠦᠲᠦᠮᠵᠢ᠂ ᠣᠶᠤᠨᠴᠢᠯᠠᠭᠰᠠᠨ ᠬᠡᠮᠵᠢᠶ᠎ᠡ ᠵᠡᠷᠭᠡ 5 ︽ᠳᠡᠯᠡᠬᠡᠢ ᠶᠢᠨ ᠨᠢᠭᠡᠳᠦᠭᠡᠷ︾ ᠢ | ᠡᠭᠦᠳᠴᠡᠢ᠃ | ᠣᠳᠣᠬᠠᠨ ᠳᠤ ᠪᠣᠯ ᠶᠠᠭ ᠵᠤᠨ ᠨᠠᠮᠤᠷ ᠤᠨ ᠨᠡᠭᠦᠷᠡᠰᠦ ᠬᠡᠷᠡᠭᠯᠡᠬᠦ ᠤᠯᠠᠷᠢᠯ ᠪᠠᠶᠢᠵᠤ᠂ ᠱᠠᠩ ᠸᠠᠨ ᠨᠡᠭᠦᠷᠡᠰᠦᠨ ᠠᠭᠤᠷᠬᠠᠢ ᠪᠦᠭᠦ ᠬᠦᠴᠦᠨ ᠢᠶᠠᠷ ᠢᠶᠠᠨ | ᠦᠢᠯᠡᠳᠪᠦᠷᠢᠯᠡᠵᠦ᠂ ᠨᠡᠭᠦᠷᠡᠰᠦᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ | ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠡᠯᠪᠡᠭ ᠪᠠᠶᠢᠵᠤ᠂ ᠨᠡᠭᠦᠷᠡᠰᠦᠨ ᠤ ᠬᠠᠳᠠᠭᠠᠯᠠᠭᠳᠠᠴᠠ ᠪᠣᠯᠣᠨ ᠭᠠᠷᠤᠯᠲᠠ ᠨᠢ ᠴᠥᠮ ᠪᠦᠭᠦ ᠤᠯᠤᠰ ᠤᠨ | 1 / 4 ᠶᠢ ᠡᠵᠡᠯᠡᠵᠦ᠂ ᠨᠡᠭᠦᠷᠡᠰᠦᠨ ᠤ ᠠᠵᠤ ᠦᠢᠯᠡᠰ ᠪᠣᠯ ᠥᠪᠥᠷ ᠮᠣᠩᠭᠤᠯ ᠤᠨ ᠬᠠᠮᠤᠭ ᠤᠨ ᠴᠢᠬᠤᠯᠠ ᠠᠵᠤ ᠠᠬᠤᠢ ᠶᠢᠨ ᠨᠡᠮᠡᠭᠳᠡᠯ ᠤᠨ ᠴᠡᠭ ᠪᠣᠯᠣᠨ᠎ᠠ᠃ | ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠳᠣᠣᠷ᠎ᠠ᠂ ᠥᠪᠥᠷ ᠮᠣᠩᠭᠤᠯ ᠨᠡᠭᠦᠷᠡᠰᠦᠨ ᠤ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ | ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠵᠡᠷᠭᠡ ᠪᠠᠷ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ | ᠠᠰᠢᠭᠯᠠᠬᠤ ᠪᠠᠷ ᠪᠦᠲᠦᠮᠵᠢᠲᠡᠶ ᠭᠠᠷᠳᠠᠴᠠ ᠪᠤᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢ ᠪᠠᠷᠢᠮᠲᠠᠯᠠᠵᠤ᠂ ᠨᠡᠭᠦᠷᠡᠰᠦ ᠶᠢ ᠠᠷᠢᠭᠤᠨ | ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠨᠢᠭᠡ ᠪᠦᠯᠦᠭ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠵᠦ᠂ | ᠨᠡᠭᠦᠷᠡᠰᠦᠨ ᠤ ᠪᠠᠭ᠎ᠠ ᠨᠡᠭᠦᠷᠡᠰᠦᠲᠥ᠋ᠷᠥᠭᠴᠢᠲᠦ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠨᠡᠭᠦᠷᠡᠰᠦᠨ ᠤ | ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠤᠷᠠᠭᠤᠯᠵᠤ᠂ ᠨᠡᠭᠦᠷᠡᠰᠦ᠂ ᠨᠡᠭᠦᠷᠡᠰᠦ ᠴᠠᠭᠢᠯᠭᠠᠨ᠂ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠶᠢ ᠬᠤᠪᠢᠷᠠᠭᠤᠯᠤᠨ | ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ᠃ | ᠣᠷᠳᠣᠰ ᠬᠤᠲᠠ ᠶᠢᠨ ᠦᠦᠰᠢᠨ ᠬᠤᠰᠢᠭᠤᠨ ᠤ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠵᠢᠱᠢᠶ᠎ᠡ ᠦᠵᠡᠭᠦᠯᠭᠦ ᠰᠠᠭᠤᠷᠢᠨ ᠤ ᠭᠤᠣᠯ ᠲᠣᠭᠤᠷᠢᠭ ᠲᠤ᠂ ᠥᠪᠥᠷ ᠮᠣᠩᠭᠤᠯ ᠤᠨ ᠠᠩᠬᠠᠳᠠᠭᠴᠢ ᠰᠢᠨ᠎ᠡ ᠶᠢ ᠡᠭᠦᠳᠬᠦ ᠮᠡᠷᠭᠡᠵᠢᠯ ᠠᠰᠢᠭᠯᠠᠯᠲᠠ ᠳᠤ ᠤᠷᠤᠭᠤᠯᠬᠤ | ᠠᠴᠠ ᠡᠮᠦᠨᠡᠬᠢ ᠲᠤᠷᠰᠢᠯᠲᠠ ᠶᠢᠨ ᠰᠠᠭᠤᠷᠢᠨ ᠶᠠᠭ ᠯᠠᠪᠳᠠᠭᠤᠨ ᠢᠶᠠᠷ ᠠᠬᠢᠵᠤ᠂ ᠰᠢᠨ᠎ᠡ ᠭᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠮᠡᠷᠭᠡᠵᠢᠯ᠂ | ᠨᠡᠭᠦᠷᠡᠰᠦ ᠪᠠᠷ ᠰᠠᠭᠤᠷᠢᠯᠠᠭᠰᠠᠨ ᠳᠡᠭᠡᠳᠦ ᠲᠠᠰ ᠤᠨ ᠬᠢᠮᠢ ᠶᠢᠨ ᠦᠢᠯᠡᠳᠬᠦᠨ᠂ ᠰᠢᠨ᠎ᠡ ᠡᠨᠧᠷᠭᠢ ᠶᠢᠨ ᠢᠵᠢ ᠪᠦᠷᠢᠳᠦᠭᠦᠯᠬᠦ ᠮᠠᠲ᠋ᠧᠷᠢᠶᠠᠯ᠂ ᠡᠬᠢ ᠪᠠᠶᠠᠯᠢᠭ ᠢ ᠳᠠᠭᠢᠨ | ᠠᠰᠢᠭᠯᠠᠬᠤ ᠵᠡᠷᠭᠡ 4 ᠶᠡᠭᠡ ᠬᠦᠷᠢᠶᠡᠨ ᠤ ᠲᠣᠭᠤᠷᠢᠨ ᠳᠤ ᠰᠦᠪᠡᠭᠴᠢᠯᠡᠯᠲᠡ ᠬᠢᠬᠦ ᠪᠠᠷ ᠲᠥᠯᠥᠪᠯᠡᠵᠦ ᠪᠤᠶ᠃ | ᠣᠷᠳᠣᠰ ᠬᠤᠲᠠ ᠶᠢᠨ ᠵᠡᠭᠦᠨᠭᠠᠷ ᠬᠤᠰᠢᠭᠤᠨ ᠳᠤ᠂ ᠥᠪᠥᠷ ᠮᠣᠩᠭᠤᠯ ᠤᠨ ᠵᠢᠦ ᠲᠠᠢ ᠰᠢᠨ ᠶᠤᠸᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ | ᠲᠦᠮᠡᠨ ᠲᠣᠨ ᠤ ᠲᠠᠰ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠬᠦ ᠠᠵᠤ ᠦᠢᠯᠡᠳᠪᠦᠷᠢ ᠶᠢᠨ ᠲᠤᠷᠰᠢᠯᠲᠠ ᠶᠢᠨ | ᠲᠥᠷᠥᠯ ᠵᠦᠢᠯ ᠢ ᠶᠠᠭ ᠲᠦᠷᠭᠡᠳᠬᠡᠨ ᠪᠦᠲᠦᠭᠡᠨ ᠪᠠᠶᠢᠭᠤᠯᠵᠤ ᠪᠠᠶᠢᠨ᠎ᠠ᠃ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 2.75 ᠳ᠋ᠦᠩᠰᠢᠭᠤᠷ | ᠲᠥᠭᠦᠷᠢᠭ ᠲᠤ ᠬᠦᠷᠴᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢᠨ ᠣᠷᠣᠯᠭ᠎ᠠ ᠶᠢ ᠪᠡᠶᠡᠯᠡᠭᠦᠯᠵᠦ᠂ | ᠮᠠᠨ ᠤ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠦᠨᠦᠷᠲᠦ ᠨᠡᠭᠦᠷᠦᠭᠴᠢ ᠶᠢᠨ ᠬᠡᠮᠵᠢᠶ᠎ᠡ ᠶᠢ ᠢᠯᠡᠳᠲᠡ ᠬᠤᠪᠢᠷᠠᠭᠤᠯᠵᠤ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠤᠷᠲᠤᠳᠬᠠᠵᠤ᠂ ᠡᠨᠧᠷᠭᠢ ᠬᠢᠮᠢ ᠶᠢᠨ ᠠᠵᠤ ᠦᠢᠯᠡᠳᠪᠦᠷᠢ ᠶᠢ ᠳᠡᠭᠡᠳᠦ ᠲᠡᠰᠵᠢᠭᠦ᠂ | ᠣᠯᠠᠨ ᠡᠰᠢᠵᠢᠬᠦ᠂ ᠪᠠᠭ᠎ᠠ ᠨᠡᠭᠦᠷᠡᠰᠦᠳᠦᠷᠦᠭᠴᠢᠳᠤ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯᠣᠨ᠎ᠠ᠃ | ᠨᠡᠭᠦᠷᠡᠰᠦᠨ ᠤ ᠠᠵᠤ ᠦᠢᠯᠡᠰ ᠲᠤ ᠰᠠᠭᠤᠷᠢᠯᠠᠵᠤ᠂ ᠨᠡᠭᠦᠷᠡᠰᠦᠨ ᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠭᠦᠷᠡᠰᠦᠨ ᠤ ᠠᠵᠤ ᠦᠢᠯᠡᠰ ᠠᠴᠠ | ᠳᠠᠪᠠᠵᠤ᠂ ᠨᠡᠭᠦᠷᠡᠰᠦ ᠶᠢ ᠬᠤᠪᠢᠷᠠᠭᠤᠯᠬᠤ ᠪᠣᠯ ᠬᠢᠵᠠᠭᠠᠷ ᠦᠭᠡᠢ ᠶᠤᠮ᠃ ᠣᠷᠳᠣᠰ ᠲᠤ᠂ ᠨᠡᠭᠦᠷᠡᠰᠦᠨ ᠤ ᠠᠵᠤ ᠦᠢᠯᠡᠰ ᠤᠨ ᠬᠡᠯᠬᠢᠶ᠎ᠡ ᠶᠢ ᠲᠠᠭᠢᠨ ᠳᠠᠪᠲᠠᠨ | ᠤᠷᠲᠤᠳᠬᠠᠵᠤ᠂ ᠨᠡᠭᠦᠷᠡᠰᠦ ᠪᠠᠷ ᠠᠯᠺᠧᠨ ᠦᠢᠯᠡᠳᠬᠦ᠂ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ᠂ ᠨᠡᠭᠦᠷᠡᠰᠦ ᠪᠠᠷ ᠦᠢᠯᠡᠳᠦᠭᠰᠡᠨ ᠨᠠᠷᠢᠯᠢᠭ ᠬᠢᠮᠢ ᠶᠢᠨ | ᠦᠢᠯᠡᠳᠬᠦᠨ ᠵᠡᠷᠭᠡ ᠳᠡᠭᠡᠳᠦ ᠲᠡᠰ ᠤᠨ ᠦᠢᠯᠡᠳᠬᠦᠨ ᠵᠠᠯᠭᠠᠭ᠎ᠠ ᠪᠠᠷ ᠠᠰᠢᠭᠯᠠᠯᠲᠠ ᠳᠤ ᠣᠷᠣᠵᠤ᠂ ︽ᠨᠢᠭᠡ ᠬᠡᠰᠡᠭ ᠨᠡᠭᠦᠷᠡᠰᠦ ᠠᠴᠠ ᠨᠢᠭᠡ ᠪᠠᠭᠴᠠ ᠰᠢᠷᠬᠡᠭ᠂ ᠨᠢᠭᠡ | ᠰᠢᠷᠬᠡᠭ ᠪᠥᠰ ᠬᠦᠷᠲᠡᠯᠡᠬᠢ︾ᠭᠤᠶᠤ ᠰᠠᠶᠢᠬᠠᠨ ᠬᠤᠪᠢᠷᠠᠯᠲᠠ ᠶᠢ ᠪᠡᠶᠡᠯᠡᠭᠦᠯᠪᠡ᠃ 2023 ᠣᠨ ᠳᠤ᠂ ᠪᠦᠭᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠡᠨᠧᠷᠭᠢ ᠶᠢ ᠡᠳ᠋ᠰᠢᠭᠦᠯᠦᠨ ᠬᠤᠪᠢᠷᠠᠭᠤᠯᠬᠤ ᠦᠷ᠎ᠡ ᠪᠦᠲᠦᠮᠵᠢ 68.1% ᠳᠤ ᠬᠦᠷᠴᠦ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ | ᠬᠤᠪᠢᠷᠠᠭᠤᠯᠬᠤ ᠨᠣᠷᠮ᠎ᠠ 20.6% ᠳᠤ ᠭᠦᠷᠪᠡ᠃ | ᠵᠥᠩ ᠴᠤᠸᠠᠩ ᠯᠢᠶᠠᠨ ᠱᠧᠩ ᠤᠨ ᠪᠠᠷᠤᠭᠰᠢᠨ᠂ ᠵᠢᠩ ᠶᠦᠨ ᠲᠦᠩ ᠤᠨ ᠲᠠᠩ ᠲᠠᠯᠠᠰᠲᠤ ᠴᠠᠬᠢᠭᠤᠷ᠂ ᠾᠧᠩ ᠶᠧ ᠴᠧᠩ ᠤᠨ ᠬᠤᠯᠢᠮᠠᠭ ᠭᠤᠮ᠂ ᠴᠢᠩ | ᠱᠢ ᠶᠢᠨ ᠥᠨᠳᠥᠷ ᠪᠠᠭᠢᠮᠵᠢᠳᠤ ᠲᠠᠷᠠᠬᠠᠢ ᠪᠤᠳᠤᠭ ᠤᠨ ᠮᠠᠲ᠋ᠧᠷᠢᠶᠠᠯ᠂ ᠷᠦᠩ ᠰᠢᠨ ᠤ ᠨᠡᠭᠦᠷᠡᠰᠦᠨ ᠭᠦ᠋ ᠁ ᠦᠬᠠᠢ ᠳᠤ᠂ ᠨᠡᠭᠦᠷᠡᠰᠦ ᠨᠢ ᠬᠡᠯᠬᠢᠶ᠎ᠡ ᠶᠢ | ᠤᠷᠲᠤᠳᠬᠠᠵᠤ᠂ ᠬᠡᠯᠬᠢᠶ᠎ᠡ ᠶᠢ ᠨᠥᠬᠦᠪᠦᠷᠢᠯᠡᠵᠦ᠂ ᠬᠡᠯᠬᠢᠶ᠎ᠡ ᠶᠢ ᠴᠢᠩᠭᠠᠳᠬᠠᠵᠤ᠂ ᠶᠠᠭ ᠨᠢᠭᠡ ᠵᠦᠢᠯ ᠤᠨ ᠳᠡᠭᠡᠳᠦ ᠨᠠᠷᠢᠯᠢᠭ ᠣᠷᠣᠶᠢᠯᠠᠭᠰᠠᠨ ᠦᠢᠯᠡᠳᠬᠦᠨ ᠤ ᠭᠤᠣᠯ | ᠲᠦᠭᠦᠬᠡᠢ ᠮᠠᠲ᠋ᠧᠷᠢᠶᠠᠯ ᠪᠣᠯᠵᠤ ᠤᠯᠠᠷᠢᠵᠤ ᠪᠠᠶᠢᠨ᠎ᠠ᠃ | ᠦᠬᠠᠢ ᠬᠤᠲᠠ ᠨᠡᠭᠦᠷᠡᠰᠦ ᠪᠠᠷ ᠰᠠᠭᠤᠷᠢ ᠪᠤᠯᠭᠠᠬᠰᠠᠨ ᠰᠢᠨ᠎ᠡ ᠮᠠᠲ᠋ᠧᠷᠢᠶᠠᠯ ᠢ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠣᠯᠭᠠᠨ ᠪᠠᠶᠢᠭᠤᠯᠵᠤ ᠪᠤᠶ᠃ | ᠣᠳᠣᠬᠠᠨ ᠳᠤ᠂︽ᠬᠡᠦᠳᠡᠰᠦ →ᠪᠠᠷᠤᠭᠰᠢᠨ → ᠵᠡᠭᠦᠦ ᠬᠡᠯᠪᠡᠷᠢᠲᠦ ᠬᠡᠦᠳᠡᠰᠦ→ ᠯᠢᠲ᠋ᠢ ᠳ᠋ᠢᠶᠠᠨ ᡂᠢ ᠶᠢᠨ ᠪᠢᠯᠢᠭ ᠲᠤᠶᠢᠯ ᠤᠨ ᠮᠠᠲ᠋ᠧᠷᠢᠶᠠᠯ︾᠂ ︽ᠨᠡᠭᠦᠷᠡᠰᠦᠨ | ᠬᠡᠦᠳᠡᠰᠦ → ᠹᠧᠨᠤᠯ→ ᠲᠣᠱ ᠬᠦᠴᠢᠯ →ᠮᠤᠲ᠋ᠠ ᠬᠦᠴᠢᠯ ᠵᠢᠴᠢ ᠲᠡᠭᠦᠨ ᠤ ᠳᠣᠣᠷᠠᠳᠤ ᠬᠡᠯᠬᠢᠶ᠎ᠡ ᠶᠢᠨ ᠦᠢᠯᠡᠳᠬᠦᠨ︾ ᠵᠡᠷᠭᠡ ᠤᠯᠠᠨ ᠨᠡᠭᠦᠷᠡᠰᠦ ᠪᠠᠷ | ᠰᠠᠭᠤᠷᠢᠯᠠᠭᠰᠠᠨ ᠠᠵᠤ ᠦᠢᠯᠡᠰ ᠤᠨ ᠬᠡᠯᠬᠢᠶ᠎ᠡ ᠪᠦᠷᠢᠯᠳᠦᠵᠦ᠂ ᠥᠨᠳᠥᠷ ᠨᠡᠮᠡᠯᠲᠡ ᠦᠷᠳᠡᠭ ᠪᠦᠬᠦᠢ ᠠᠵᠤ ᠦᠢᠯᠡᠳᠪᠦᠷᠢ ᠶᠢᠨ ᠦᠢᠯᠡᠳᠬᠦᠨ 30 ᠭᠠᠷᠤᠢ ᠵᠦᠢᠯ ᠳᠤ | ᠬᠦᠷᠴᠡᠢ᠃ | ︽ᠨᠡᠭᠦᠷᠡᠰᠦ ᠪᠠᠷ ᠲᠦᠷᠦᠭᠦᠯᠡᠭᠦᠯᠵᠦ ᠬᠢᠮᠢ ᠶᠢᠨ ᠠᠵᠤ ᠦᠢᠯᠡᠳᠪᠦᠷᠢ ᠶᠢ ᠬᠠᠪᠰᠤᠷᠭᠠᠬᠤ︾ᠬᠠᠷᠠᠯᠲᠠ ᠶᠢ ᠣᠨᠢᠯᠠᠵᠤ᠂ ᠨᠡᠭᠦᠷᠡᠰᠦ ᠶᠢ ᠲᠦᠯᠡᠰᠢ ᠪᠠᠷ ᠭᠤᠣᠯ | ᠪᠤᠯᠭᠠᠵᠤ ᠪᠠᠶᠢᠭᠰᠠᠨ ᠠᠴᠠ ᠲᠦᠯᠡᠰᠢ ᠲᠦᠭᠦᠬᠡᠢ ᠮᠠᠲ᠋ᠧᠷᠢᠶᠠᠯ ᠢ ᠵᠡᠷᠭᠡ ᠪᠠᠷ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠡᠴᠦᠰ ᠤᠨ ᠬᠡᠯᠬᠢᠶ᠎ᠡ ᠲᠡᠶᠢᠰᠢ ᠤᠷᠲᠤᠳᠬᠠᠬᠤ ᠶᠢ ᠠᠬᠢᠭᠤᠯᠵᠤ᠂ ᠨᠡᠭᠦᠷᠡᠰᠦ ᠶᠢ ᠶᠡᠷᠦᠩᠬᠡᠶᠢᠯᠡᠨ ᠠᠰᠢᠭᠯᠠᠬᠤ | ᠦᠷ᠎ᠡ ᠪᠦᠲᠦᠮᠵᠢ ᠶᠢ ᠳᠡᠭᠡᠭᠰᠢᠯᠡᠭᠦᠯᠪᠡ ᠁ ᠨᠡᠭᠦᠷᠡᠰᠦ ᠶᠢ ᠨᠠᠷᠢᠯᠢᠭ ᠡᠳ᠋ᠰᠢᠭᠦᠯᠬᠦ ᠠᠵᠢᠯ ᠶᠠᠭ ᠥᠪᠥᠷ ᠮᠣᠩᠭᠤᠯ ᠤᠨ ᠠᠵᠤ ᠦᠢᠯᠡᠰ ᠤᠨ ᠭᠡᠯᠪᠡᠷᠢ ᠪᠠᠨ | ᠬᠤᠪᠢᠷᠠᠭᠤᠯᠬᠤ ᠭᠤᠣᠯ ᠭᠦᠭ ᠠᠶᠠᠰ ᠳᠤᠮᠳᠠ ᠬᠦᠴᠦᠲᠡᠢ ᠠᠬᠢᠵᠤ ᠪᠤᠢ᠃ | ᠰᠠᠯᠬᠢ ᠭᠡᠷᠡᠯ ᠢ ᠤᠰᠤᠲᠦ᠋ᠷᠦᠭᠴᠢᠭᠤᠯᠤᠨ ᠬᠠᠳᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠰᠢᠨ᠎ᠡ ᠡᠨᠧᠷᠭᠢ ᠶᠢᠨ ᠬᠦᠷᠢᠶᠡᠨ ᠳᠤ ︽ᠠᠵᠤ | ᠦᠢᠯᠡᠳᠪᠦᠷᠢ ᠶᠢᠨ ᠥᠪᠥᠷ ᠮᠣᠩᠭᠤᠯ︾ ᠢ ᠲᠠᠭᠢᠨ ᠪᠠᠶᠢᠭᠤᠯᠤᠨ᠎ᠠ | 8 ᠰᠠᠷ᠎ᠠ ᠶᠢᠨ 28 ᠤ ᠦᠳᠡ ᠶᠢᠨ ᠡᠮᠦᠨ᠎ᠡ᠂ ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ | ᠰᠤᠳᠤᠯᠤᠯᠲᠠ ᠶᠢᠨ ᠵᠠᠭᠤᠴᠢᠯᠠᠭᠤᠷ ᠤᠨ ᠪᠦᠯᠭᠦᠮ ᠣᠷᠳᠣᠰ ᠤᠨ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ ᠬᠦᠷᠴᠦ᠂ | ᠣᠷᠳᠣᠰ ᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ︽ᠰᠠᠯᠬᠢ ᠭᠡᠷᠡᠯ ᠢ ᠤᠰᠤᠲᠦ᠋ᠷᠦᠭᠴᠢᠭᠤᠯᠤᠨ | ᠬᠠᠳᠠᠭᠠᠯᠠᠬᠤ ᠲᠡᠷᠭᠡ︾ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠷᠢᠰᠢᠭᠤᠯᠵᠤ ᠪᠠᠶᠢᠬᠤ ᠢᠳᠡᠪᠬᠢᠲᠡᠢ ᠰᠦᠪᠡᠭᠴᠢᠯᠡᠯᠲᠡ ᠶᠢ ᠭᠦᠨᠵᠡᠭᠡᠢ | ᠣᠶᠢᠯᠠᠭᠠᠪᠠ᠃ | ᠶᠤᠸᠠᠨ ᠵᠢᠩ ᠨᠡᠭᠦᠷᠡᠰᠦᠳᠦ᠋ᠷᠦᠭᠴᠢ ᠦᠯᠤ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠳᠤ᠂ ᠵᠠᠭᠤᠴᠢᠯᠠᠭᠤᠷ ᠤᠨ ᠪᠦᠯᠭᠦᠮ ᠤᠨ ᠬᠢᠨ ᠶᠤᠸᠠᠨ ᠵᠢᠩ | ᠪᠦᠯᠦᠭᠯᠡᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ | ᠪᠦᠲᠦᠭᠡᠨ ᠪᠠᠶᠢᠭᠤᠯᠤᠯᠲᠠ᠂ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠰᠢᠨ᠎ᠡ ᠠᠵᠤ ᠦᠢᠯᠡᠳᠪᠦᠷᠢ ᠶᠢᠨ ᠰᠢᠰᠲ᠋ᠧᠮ ᠢ ᠪᠠᠶᠢᠭᠤᠯᠤᠭᠰᠠᠨ ᠪᠠᠶᠢᠳᠠᠯ ᠤᠨ ᠲᠤᠬᠠᠢ | ᠲᠠᠨᠢᠯᠴᠠᠭᠤᠯᠭ᠎ᠠ ᠶᠢ ᠰᠣᠨᠣᠰᠪᠠ; ᠯᠦᠩ ᠵᠢᠢ ᠪᠣᠬᠢᠷᠳᠤᠯ ᠦᠭᠡᠢ ᠡᠨᠧᠷᠭᠢ ᠶᠢᠨ ᠣᠷᠳᠣᠰ ᠤᠨ ᠰᠠᠭᠤᠷᠢᠨ ᠳᠤ᠂ ᠤᠯᠠᠨ ᠢᠶᠠᠷ ᠢᠶᠠᠨ ᠯᠦᠩ ᠵᠢᠢ ᠪᠣᠬᠢᠷᠳᠤᠯ ᠦᠭᠡᠢ | ᠡᠨᠧᠷᠭᠢ ᠶᠢᠨ ᠣᠷᠳᠣᠰ ᠤᠨ ᠰᠠᠭᠤᠷᠢᠨ ᠤ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ᠂ ᠠᠵᠤ ᠠᠬᠤᠶᠢᠯᠠᠯ ᠤᠨ ᠮᠡᠷᠭᠡᠵᠢᠯ ᠤᠷ᠎ᠠ ᠮᠡᠷᠭᠡᠰᠢᠯ᠂ ᠡᠭᠦᠳᠦᠭᠰᠡᠨ ᠲᠤᠰᠬᠠᠢ | ᠠᠰᠢᠭ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠣᠶᠢᠯᠠᠭᠠᠪᠠ᠃ | ᠣᠷᠳᠣᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠦᠪᠡᠭᠴᠢᠯᠡᠯᠲᠡ ᠶᠢᠨ ᠦᠢᠯᠡᠳᠦᠯᠭᠡ ᠨᠢ ᠭᠤᠸᠠᠩᠰᠢ ᠶᠢᠨ ᠡᠳᠦᠷ ᠤᠨ ᠰᠣᠨᠢᠨ ᠤ | ᠬᠥᠳᠡᠭᠡ ᠠᠵᠤ ᠠᠬᠤᠢ ᠶᠢᠨ ᠬᠡᠯᠲᠡᠰ ᠤᠨ ᠡᠷᠭᠢᠯᠡᠭᠴᠢ ᠯᠢ ᠭᠧᠩ ᠢ ︽ᠭᠠᠶᠢᠬᠠᠰᠢ ᠠᠯᠳᠠᠭᠤᠯᠪᠠ︾᠃ ᠲᠡᠷᠡ᠄ ︽ᠥᠩᠭᠡᠷᠡᠭᠰᠡᠨ ᠳᠤ ᠪᠢᠳᠡ ᠥᠪᠥᠷ ᠮᠣᠩᠭᠤᠯ ᠳᠤ | ᠭᠤᠣᠯᠳᠠᠭᠤ ᠨᠡᠭᠦᠷᠡᠰᠦ ᠵᠡᠷᠭᠡ ᠤᠯᠠᠮᠵᠢᠯᠠᠯᠲᠤ ᠡᠨᠧᠷᠭᠢ ᠶᠢ ᠨᠡᠭᠡᠭᠡᠨ ᠮᠠᠯᠲᠠᠬᠤ ᠪᠠᠷ ᠭᠤᠣᠯᠳᠠᠭᠤᠯᠵᠤ ᠪᠠᠶᠢᠭᠰᠠᠨ ᠲᠥᠷᠥᠭᠳᠡᠯ ᠲᠠᠢ ᠪᠠᠶᠢᠵᠠᠢ᠃ ᠡᠨᠡ ᠤᠳᠠᠭ᠎ᠠ | ᠢᠷᠡᠭᠡᠳ᠂ ᠠᠳᠡ ᠶᠠᠭ ᠰᠢᠨ᠎ᠡ ᠡᠨᠧᠷᠭᠢ ᠶᠢ ᠶᠡᠭᠡ ᠪᠠᠷ ᠬᠥᠭᠵᠢᠭᠦᠯᠵᠦ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠢ | ᠪᠠᠶᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ ᠪᠠᠶᠢᠬᠤ ᠶᠢ ᠮᠡᠳᠡᠭᠡᠳ ᠮᠠᠰᠢ ᠭᠠᠶᠢᠬᠠᠨ ᠪᠢᠰᠢᠷᠡᠯ᠎ᠡ︾ ᠭᠡᠪᠡ᠃ | ᠥᠪᠥᠷ ᠮᠣᠩᠭᠤᠯ ᠤᠨ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠰᠠᠯᠬᠢᠨ ᠤ ᠡᠨᠧᠷᠭᠢ ᠶᠢᠨ ᠡᠬᠢ ᠪᠠᠶᠠᠯᠢᠭ | ᠪᠦᠭᠦ ᠤᠯᠤᠰ ᠤᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠨᠡᠷᠡᠨ ᠤ ᠡᠨᠧᠷᠭᠢ ᠶᠢᠨ ᠡᠬᠢ ᠪᠠᠶᠠᠯᠢᠭ ᠤᠨ ᠪᠦᠭᠦ ᠤᠯᠤᠰ ᠲᠠᠬᠢ ᠡᠵᠡᠯᠡᠬᠦ ᠬᠠᠷᠢᠴᠠᠯ 1/5 ᠶᠢ | ᠳᠠᠪᠠᠵᠤ᠂ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠶᠤᠮ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠰᠢᠨ᠎ᠡ ᠡᠨᠧᠷᠭᠢ ᠶᠢᠨ ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠰᠢᠨ᠎ᠡ ᠡᠨᠧᠷᠭᠢ ᠶᠢᠨ ᠬᠦᠷᠢᠶᠡᠨ | ᠳᠠᠬᠢ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠪᠠᠶᠢᠭᠤᠯᠬᠤ ᠬᠠᠷᠠᠯᠲᠠ ᠶᠢ ᠲᠣᠭᠲᠠᠭᠠᠵᠤ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠰᠢᠨ᠎ᠡ | ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ | ᠤᠷᠢᠬᠤ᠂ ᠪᠣᠬᠢᠷᠳᠤᠯ ᠦᠭᠡᠢ ᠴᠠᠭᠢᠯᠭᠠᠨ ᠢᠶᠠᠷ ᠠᠷᠠᠯᠵᠢᠶᠠᠴᠢᠨ ᠤᠷᠢᠬᠤ ᠶᠢ ᠭᠦᠨᠵᠡᠭᠡᠢ ᠥᠷᠨᠢᠭᠦᠯᠵᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ | ᠬᠡᠯᠬᠢᠶ᠎ᠡ ᠶᠢ ᠬᠦᠴᠦᠷᠬᠡᠭᠵᠢᠭᠦᠯᠵᠦ᠂ ᠰᠠᠯᠬᠢ ᠭᠡᠷᠡᠯ ᠢ ᠤᠰᠤᠲᠦ᠋ᠷᠦᠭᠴᠢᠭᠤᠯᠤᠨ ᠬᠠᠳᠠᠭᠠᠯᠠᠵᠤ ᠬᠡᠷᠡᠭᠯᠡᠬᠦ 4 ᠶᠡᠭᠡ ᠠᠵᠤ ᠦᠢᠯᠡᠰ ᠤᠨ ᠪᠦᠯᠦᠭᠵᠢᠯ ᠢ ᠦᠷᠭᠦᠯᠵᠢᠯᠡᠨ | ᠪᠤᠵᠠᠭᠠᠶᠢᠷᠠᠭᠤᠯᠵᠤ᠂ ᠭᠦᠭᠡᠬᠤᠲᠠ ᠪᠤᠭᠤᠲᠤ ᠣᠷᠳᠣᠰ ᠲᠦᠩᠯᠢᠶᠣᠣ ᠪᠠᠷ ᠭᠤᠣᠯᠳᠠᠯᠭ᠎ᠠ ᠪᠤᠯᠭᠠᠬᠰᠠᠨ ᠤᠯᠤᠰ ᠤᠨ ᠲᠠᠰ ᠤᠨ ᠰᠢᠨ᠎ᠡ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠬᠦ ᠰᠠᠭᠤᠷᠢᠨ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠨᠢᠰᠬᠦ ᠮᠡᠲᠦ ᠲᠦᠷᠭᠡᠨ ᠤᠷᠤᠭᠰᠢᠯᠠᠵᠤ | ᠪᠠᠶᠢᠨ᠎ᠠ᠃ | ᠥᠪᠥᠷ ᠮᠣᠩᠭᠤᠯ ᠤᠨ ᠵᠡᠭᠦᠨ ᠬᠡᠰᠡᠭ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠮᠧᠩ ᠳ᠋ᠦᠩ︵ᠲᠦᠩᠯᠢᠶᠣᠣ︶ᠰᠠᠯᠬᠢᠨ ᠬᠦᠴᠦᠨ ᠤ ᠴᠠᠭᠢᠯᠭᠠᠨ ᠤ | ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠤᠷᠳᠤᠨ ᠮᠣᠷᠢᠨ ᠳᠤ ᠲᠠᠰᠢᠭᠤᠷ ᠨᠡᠮᠡᠵᠦ | ᠤᠷᠤᠭᠰᠢᠯᠠᠨ᠂ ᠪᠦᠭᠦ ᠤᠯᠤᠰ ᠤᠨ ᠬᠠᠮᠤᠭ ᠤᠨ ᠲᠣᠮᠣ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠭᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ | ᠪᠣᠯᠵᠤ ᠪᠤᠵᠠᠭᠠᠶᠢᠷᠠᠵᠤ ᠪᠤᠶ; | ᠥᠪᠥᠷ ᠮᠣᠩᠭᠤᠯ ᠤᠨ ᠳᠤᠮᠳᠠ ᠬᠡᠰᠡᠭ ᠲᠤ᠂ ᠭᠦᠭᠡᠬᠤᠲᠠ ᠶᠢᠨ ︽ᠡᠯᠧᠺᠲᠷᠣᠨ ᠴᠠᠬᠢᠭᠤᠷ ᠤᠨ ᠮᠠᠲ᠋ᠧᠷᠢᠶᠠᠯ᠂ ᠣᠶᠤᠨᠴᠢ ᠮᠡᠷᠭᠡᠵᠢᠯ ᠢᠶᠠᠷ ᠤᠳᠤᠷᠢᠳᠤᠮᠵᠢ | ᠪᠤᠯᠭᠠᠬᠰᠠᠨ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠬᠤ︾ ᠵᠢᠷᠤᠭ | ᠲᠥᠯᠥᠪᠯᠡᠭᠡ ᠠᠶᠠᠷᠬᠠᠨ ᠳᠡᠯᠭᠡᠭᠳᠡᠪᠡ; | ᠥᠪᠥᠷ ᠮᠣᠩᠭᠤᠯ ᠤᠨ ᠪᠠᠷᠠᠭᠤᠨ ᠬᠡᠰᠡᠭ ᠲᠤ᠂ ᠦᠬᠠᠢ ᠬᠤᠲᠠ ᠶᠠᠭ ᠰᠠᠯᠬᠢ ᠭᠡᠷᠡᠯ ᠢ ᠤᠰᠤᠲᠦ᠋ᠷᠦᠭᠴᠢᠭᠤᠯᠤᠨ ᠬᠠᠳᠠᠭᠠᠯᠠᠵᠤ ᠬᠡᠷᠡᠭᠯᠡᠬᠦ ᠶᠢ ᠨᠢᠭᠡ | ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ ᠠᠵᠤ ᠦᠢᠯᠡᠰ ᠤᠨ ᠰᠠᠭᠤᠷᠢᠨ ᠪᠣᠯᠣᠨ ᠵᠠᠳᠠᠷᠠᠵᠤ ᠪᠤᠯᠬᠤ ᠰᠦᠯᠢᠶᠥᠦ ᠪᠠᠷ ᠭᠤᠣᠯ ᠴᠢᠭᠯᠡᠯ ᠪᠤᠯᠭᠠᠬᠰᠠᠨ ᠰᠢᠨ᠎ᠡ | ᠮᠠᠲ᠋ᠧᠷᠢᠶᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠬᠦᠴᠦᠯᠡᠨ ᠪᠠᠶᠢᠭᠤᠯᠵᠤ ᠪᠤᠢ᠃ | ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠠᠷᠠᠯᠠᠬᠤᠶ᠎ᠠ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠬᠥᠭᠵᠢᠶᠡᠨ ᠲᠠᠢ | ᠶᠠᠪᠤᠭᠳᠠᠵᠤ᠂ ᠪᠣᠬᠢᠷᠳᠤᠯ ᠦᠭᠡᠢ ᠬᠥᠭᠵᠢᠯᠲᠡ ᠡᠳᠦᠷ ᠠᠴᠠ ᠡᠳᠦᠷ ᠬᠤᠪᠢᠷᠠᠨ ᠰᠢᠨᠡᠳᠴᠦ ᠪᠠᠶᠢᠨ᠎ᠠ᠃ | ᠡᠨᠡ ᠵᠢᠯ ᠤᠨ 5 ᠰᠠᠷ᠎ᠠ ᠶᠢᠨ ᠡᠴᠦᠰ ᠪᠤᠯᠲᠠᠯ᠎ᠠ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ 10158 | ᠲᠦᠮᠡᠨ ᠺᠢᠯᠣᠸᠠᠲ ᠲᠤ ᠬᠦᠷᠴᠦ᠂ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ 1 ᠳ᠋ᠦᠩᠰᠢᠭᠤᠷ ᠺᠢᠯᠣᠸᠠᠲ ᠢ | ᠳᠠᠪᠠᠭᠰᠠᠨ ᠮᠤᠵᠢ ᠣᠷᠣᠨ ᠪᠣᠯᠵᠤ᠂ ᠵᠢᠯ ᠳᠤ ᠪᠠᠷᠤᠭ 2300 ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠭᠢᠯᠭᠠᠨ ᠭᠠᠷᠭᠠᠵᠤ᠂ ᠡᠨᠡ ᠨᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ 1.9 ᠳ᠋ᠦᠩᠰᠢᠭᠤᠷ ᠲᠣᠨ ᠪᠠᠭᠠᠰᠬᠠᠭᠰᠠᠨ ᠲᠠᠢ ᠲᠡᠩᠴᠡᠵᠦ᠂ ᠪᠦᠭᠦ ᠤᠯᠤᠰ ᠤᠨ ᠲᠡᠷᠢᠭᠦᠨ | ᠪᠠᠶᠢᠷᠢ ᠶᠢ ᠯᠠᠪᠳᠠᠭᠤᠨ ᠡᠵᠡᠯᠡᠪᠡ᠃ | ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠴᠢᠳᠠᠪᠤᠷᠢ ᠶᠢ ᠢᠯᠡᠳᠲᠡ | ᠴᠢᠩᠭᠠᠷᠠᠭᠤᠯᠪᠠ᠃ ᠣᠳᠣᠬᠠᠨ ᠳᠤ᠂ ᠥᠪᠥᠷ ᠮᠣᠩᠭᠤᠯ ᠰᠠᠯᠬᠢᠨ ᠬᠦᠴᠦᠨ ᠤ ᠴᠠᠭᠢᠯᠭᠠᠨ ᠢ ᠪᠦᠬᠦᠯᠢ ᠴᠣᠭᠴᠠ ᠪᠠᠷ ᠨᠢ ᠲᠥᠭᠦᠷᠵᠢᠭᠦᠯᠭᠦ ᠴᠢᠳᠠᠪᠤᠷᠢ 500 ᠲᠦᠮᠡᠨ | ᠺᠢᠯᠣᠸᠠᠲ᠂ ᠭᠡᠷᠡᠯᠴᠢ ᠴᠡᠨᠡᠭ ᠤᠨ ᠰᠡᠯᠪᠢᠭ ᠲᠣᠨᠣᠭᠯᠠᠯ ᠤᠨ ᠬᠠᠩᠭᠠᠯᠭ᠎ᠠ ᠶᠢᠨ ᠴᠢᠳᠠᠪᠤᠷᠢ 3050 ᠲᠦᠮᠡᠨ ᠺᠢᠯᠣᠸᠠᠲ᠂ ᠤᠰᠤᠲᠥ᠋ᠷᠥᠭᠴᠢ ᠡᠨᠧᠷᠭᠢ ᠶᠢᠨ ᠲᠣᠨᠤᠭ | ᠲᠥᠬᠦᠭᠡᠷᠦᠮᠵᠢ ᠦᠢᠯᠡᠳᠪᠦᠷᠢᠯᠡᠬᠦ ᠴᠢᠳᠠᠪᠤᠷᠢ 450 ᠢᠵᠢ᠂ ᠡᠨᠧᠷᠭᠢ ᠬᠠᠳᠠᠭᠠᠯᠠᠬᠤ ᠲᠣᠨᠤᠭ ᠲᠥᠬᠦᠭᠡᠷᠦᠮᠵᠢ ᠦᠢᠯᠡᠳᠪᠦᠷᠢᠯᠡᠬᠦ ᠴᠢᠳᠠᠪᠤᠷᠢ 200 ᠲᠦᠮᠡᠨ | ᠺᠢᠯᠣᠸᠠᠲ ᠴᠠᠭ ᠪᠣᠯᠵᠤ᠂ | ᠰᠠᠯᠬᠢ ᠭᠡᠷᠡᠯ ᠢ ᠤᠰᠤᠲᠦ᠋ᠷᠦᠭᠴᠢᠭᠤᠯᠤᠨ ᠬᠠᠳᠠᠭᠠᠯᠠᠵᠤ ᠬᠡᠷᠡᠭᠯᠡᠬᠦ ᠲᠣᠨᠤᠭ ᠲᠥᠬᠦᠭᠡᠷᠦᠮᠵᠢ ᠦᠢᠯᠡᠳᠬᠦ ᠪᠦᠭᠦ ᠠᠵᠤ ᠦᠢᠯᠡᠰ ᠤᠨ ᠬᠡᠯᠬᠢᠶ᠎ᠡ ᠶᠢ | ᠦᠨᠳᠦᠰᠦᠨ ᠳᠡᠭᠡᠨ ᠪᠦᠷᠢᠯᠳᠦᠭᠦᠯᠵᠦ᠂ ᠦᠢᠯᠡᠳᠬᠦᠨ ᠤ ᠥᠷᠲᠡᠭ ᠨᠢ 1.2 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ | ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠩᠬᠠᠷᠴᠤ ᠬᠤᠪᠣᠷ ᠰᠢᠷᠣᠢ ᠶᠢᠨ ︽ᠳᠡᠯᠡᠬᠡᠢ ᠶᠢᠨ ᠲᠡᠰ ᠤᠨ ᠬᠠᠳᠠᠭᠠᠯᠠᠭᠳᠠᠴᠠ︾ ᠠᠴᠠ︽ᠳᠡᠯᠡᠬᠡᠢ ᠶᠢᠨ | ᠲᠡᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ ᠠᠬᠢᠭᠤᠯᠤᠨ᠎ᠠ | 8 ᠰᠠᠷ᠎ᠠ ᠶᠢᠨ 28 ᠤ ᠦᠳᠡ ᠶᠢᠨ ᠡᠮᠦᠨ᠎ᠡ᠂ ᠪᠦᠭᠦ ᠤᠯᠤᠰ ᠤᠨ ᠨᠠᠮ ᠤᠨ ᠵᠠᠭᠤᠴᠢᠯᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠴᠠᠭᠠᠨ | ᠰᠤᠳᠤᠯᠤᠯᠲᠠ ᠶᠢᠨ ᠵᠠᠭᠤᠴᠢᠯᠠᠭᠤᠷ ᠤᠨ ᠪᠦᠯᠭᠦᠮ ᠪᠤᠭᠤᠲᠤ ᠶᠢᠨ ᠬᠤᠪᠣᠷ ᠰᠢᠷᠣᠢ ᠶᠢᠨ ᠮᠦᠽᠧᠢ ᠳᠤ ᠣᠷᠣᠵᠤ᠂ ᠬᠤᠪᠣᠷ ᠰᠢᠷᠣᠢ ᠶᠢᠨ ᠡᠯᠧᠮᠧᠨ᠋ᠲ ᠢ ᠢᠯᠡᠷᠡᠭᠦᠯᠦᠭᠰᠡᠨ | ᠵᠢᠴᠢ ᠨᠡᠭᠡᠭᠡᠨ ᠬᠥᠭᠵᠢᠭᠦᠯᠵᠦ ᠬᠡᠷᠡᠭᠯᠡᠭᠰᠡᠨ᠂ ᠬᠤᠪᠣᠷ ᠰᠢᠷᠣᠢ ᠶᠢᠨ ᠠᠭᠤᠷᠬᠠᠢ ᠶᠢᠨ ᠪᠦᠷᠢᠯᠳᠦᠯ ᠵᠢᠴᠢ ᠲᠠᠷᠬᠠᠯᠲᠠ᠂ ᠬᠤᠪᠣᠷ ᠰᠢᠷᠣᠢ ᠶᠢᠨ ᠤᠷ᠎ᠠ ᠮᠡᠷᠭᠡᠰᠢᠯ ᠤᠨ | ᠶᠠᠪᠤᠴᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ᠂ ᠳᠡᠯᠡᠬᠡᠢ ᠵᠢᠴᠢ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ | ᠬᠥᠭᠵᠢᠯᠲᠡ ᠶᠢᠨ ᠥᠩᠭᠡᠷᠡᠯᠲᠡ ᠵᠡᠷᠭᠡ ᠲᠠᠯ᠎ᠠ ᠠᠴᠠ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠡᠦᠬᠡ ᠶᠢ ᠣᠶᠢᠯᠠᠭᠠᠨ ᠮᠡᠳᠡᠷᠡᠪᠡ᠃ | ᠳᠡᠯᠡᠬᠡᠢ ᠶᠢᠨ ᠬᠤᠪᠣᠷ ᠰᠢᠷᠣᠢ ᠶᠢ ᠶᠠᠷᠢᠬᠤ ᠳᠤ ᠳᠤᠮᠳᠠᠳᠤ ᠤᠯᠤᠰ ᠢ ᠦᠵᠡᠬᠦ ᠬᠡᠷᠡᠭᠲᠡᠢ᠂ ᠳᠤᠮᠳᠠᠳᠤ ᠤᠯᠤᠰ ᠤᠨ ᠬᠤᠪᠣᠷ ᠰᠢᠷᠣᠢ ᠶᠢ ᠶᠠᠷᠢᠪᠠᠯ ᠪᠤᠭᠤᠲᠤ ᠶᠢ | ᠦᠵᠡᠬᠦ ᠬᠡᠷᠡᠭᠲᠡᠢ᠃ ᠬᠤᠪᠣᠷ ᠰᠢᠷᠣᠢ ᠨᠢ ︽ᠠᠵᠤ ᠦᠢᠯᠡᠳᠪᠦᠷᠢ ᠶᠢᠨ ᠰᠢᠵᠢᠷ ᠠᠯᠲᠠ︾ ᠪᠠ ︽ᠰᠢᠨ᠎ᠡ ᠮᠠᠲ᠋ᠧᠷᠢᠶᠠᠯ ᠤᠨ ᠡᠬᠡ︾ ᠬᠡᠮᠡᠭᠳᠡᠵᠦ᠂ ᠳᠡᠷᠡ ᠨᠢ ᠤᠯᠤᠰ ᠤᠨ | ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠣᠯᠣᠨ᠎ᠠ᠃ ᠪᠤᠭᠤᠲᠤ ᠨᠢ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ᠬᠡᠮᠡᠭᠳᠡᠵᠦ᠂ ᠪᠦᠭᠦ ᠪᠥᠮᠪᠥᠷᠴᠡᠭ ᠤᠨ | ᠬᠠᠳᠠᠭᠠᠯᠠᠭᠳᠠᠴᠠ ᠪᠠᠷ ᠬᠠᠮᠤᠭ ᠤᠨ ᠶᠡᠭᠡ ᠪᠠᠶᠠᠨ᠋ᠣ᠋ᠪᠣᠭ᠎ᠠ ᠶᠢᠨ ᠬᠤᠪᠣᠷ ᠰᠢᠷᠣᠢ ᠶᠢᠨ ᠠᠭᠤᠷᠬᠠᠢ ᠲᠠᠢ ᠪᠠᠶᠢᠵᠤ᠂ ᠬᠤᠪᠣᠷ ᠰᠢᠷᠣᠢ ᠶᠢᠨ ᠬᠠᠳᠠᠭᠠᠯᠠᠭᠳᠠᠴᠠ ᠪᠠ | ᠬᠠᠶᠢᠯᠤᠭᠤᠯᠵᠤ ᠰᠠᠯᠭᠠᠬᠤ ᠦᠢᠯᠡᠳᠪᠦᠷᠢᠯᠡᠯ ᠤᠨ ᠴᠢᠳᠠᠪᠤᠷᠢ ᠨᠢ ᠳᠡᠯᠡᠬᠡᠢ ᠶᠢᠨ ᠨᠢᠭᠡᠳᠦᠭᠡᠷ ᠲᠤ ᠣᠷᠣᠳᠠᠭ᠃ | ᠨᠢᠳᠤᠨᠤᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠳᠠᠪᠠᠭᠤᠯᠢᠭ ᠢᠶᠠᠨ ᠰᠠᠶᠢᠲᠤᠷ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠠᠰᠢᠭᠯᠠᠯᠲᠠ᠂ | ᠴᠢᠨᠠᠷ ᠰᠠᠶᠢᠲᠠᠢ ᠠᠰᠢᠭᠯᠠᠯᠲᠠ᠂ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠭᠦᠨᠵᠡᠭᠡᠢ | ᠡᠳ᠋ᠰᠢᠭᠦᠯᠬᠦ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠢᠳᠤᠨᠤᠨ ᠤ 10 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠶᠢ ᠪᠦᠭᠦ ᠤᠯᠤᠰ ᠤᠨ | ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠠ ᠪᠦᠭᠦ ᠪᠥᠮᠪᠥᠷᠴᠡᠭ ᠤᠨ ᠲᠡᠷᠢᠭᠦᠯᠡᠭᠰᠡᠨ ᠬᠤᠪᠣᠷ ᠰᠢᠷᠣᠢ ᠶᠢᠨ ᠬᠡᠷᠡᠭᠯᠡᠭᠡᠨ ᠤ | ᠰᠠᠭᠤᠷᠢᠨ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠤᠭᠤᠲᠤ ᠬᠤᠲᠠ ︽ᠬᠤᠪᠣᠷ ᠰᠢᠷᠣᠢ ᠶᠢᠨ ᠬᠤᠶᠠᠷ ᠰᠠᠭᠤᠷᠢᠨ︾ ᠢ ᠪᠦᠲᠦᠭᠡᠨ ᠪᠠᠶᠢᠭᠤᠯᠬᠤ ᠢᠷᠠᠭᠤ ᠠᠯᠳᠠᠷᠲᠤ | ᠡᠭᠦᠷᠭᠡ ᠶᠢ ᠡᠷᠡᠰ ᠡᠭᠦᠷᠭᠡᠯᠡᠵᠦ᠂ ᠤᠯᠤᠰ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ︽ᠭᠤᠣᠯ | ᠵᠢᠭᠰᠠᠭᠠᠯ ᠤᠨ ᠭᠠᠵᠠᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠩᠬᠠᠷᠴᠤ᠂ | ᠬᠤᠪᠣᠷ ᠰᠢᠷᠣᠢ ᠶᠢ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ ᠲᠡᠶᠢᠰᠢ ᠤᠷᠤᠭᠰᠢᠯᠠᠬᠤ ᠶᠢ ᠲᠦᠷᠭᠡᠳᠬᠡᠨ | ᠠᠬᠢᠭᠤᠯᠪᠠ᠃ | ᠪᠦᠭᠦ ᠤᠯᠤᠰ ᠤᠨ ᠴᠣᠷ ᠤᠨ ᠭᠠᠭᠴᠠ ᠬᠤᠪᠣᠷ ᠰᠢᠷᠣᠢ ᠶᠢᠨ ᠡᠬᠢ ᠪᠠᠶᠠᠯᠢᠭ ᠢᠶᠠᠷ ᠨᠡᠷᠡᠶᠢᠳᠦᠭᠰᠡᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ | ᠲᠣᠭᠤᠷᠢᠭ ᠪᠣᠯᠤᠭᠰᠠᠨ ᠤ ᠬᠤᠪᠢ ᠳᠤ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠨᠢᠭᠡ ᠲᠠᠯ᠎ᠠ ᠪᠠᠷ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠴᠢᠳᠠᠪᠤᠷᠢᠲᠠᠨ᠂ ᠮᠡᠷᠭᠡᠵᠢᠯ ᠤᠨ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ; ᠨᠥᠭᠦᠭᠡ ᠲᠠᠯ᠎ᠠ ᠪᠠᠷ ᠤᠯᠤᠰ ᠤᠨ ᠬᠤᠪᠣᠷ ᠰᠢᠷᠣᠢ ᠶᠢᠨ ᠲᠡᠮᠦᠷᠯᠢᠭ ᠬᠠᠶᠢᠯᠤᠭᠤᠯᠬᠤ ᠵᠢᠴᠢ ᠴᠢᠳᠠᠮᠵᠢᠲᠤ | ᠮᠠᠲ᠋ᠧᠷᠢᠶᠠᠯ ᠤᠨ ᠢᠨᠵᠧᠨᠧᠷᠢᠩ ᠤᠨ ᠰᠤᠳᠤᠯᠭᠠᠨ ᠤ ᠲᠥᠪ ᠢ ᠪᠠᠶᠢᠭᠤᠯᠵᠤ᠂ ᠪᠦᠭᠦ ᠤᠯᠤᠰ ᠤᠨ ᠪᠦᠭᠦᠶᠢᠯᠡ ᠬᠤᠪᠣᠷ ᠰᠢᠷᠣᠢ ᠶᠢᠨ ᠬᠦᠷᠢᠶ᠎ᠡ ᠴᠠᠷᠠᠭ᠎ᠠ ᠳᠠᠬᠢ | ᠤᠯᠤᠰ ᠤᠨ ᠭᠤᠣᠯᠳᠠᠯᠭ᠎ᠠ ᠲᠠᠢ 4 ᠲᠤᠷᠰᠢᠯᠲᠠ ᠶᠢᠨ ᠲᠠᠰᠤᠭ ᠲᠠᠢ ᠬᠠᠮᠲᠤᠷᠠᠨ ᠠᠵᠢᠯᠯᠠᠪᠠ᠃ ᠣᠳᠣᠬᠠᠨ ᠳᠤ᠂ ᠨᠢᠭᠡᠨᠲᠡ 168 ᠡᠯ᠎ᠡ ᠱᠠᠲᠤᠨ ᠤ ᠡᠯ᠎ᠡ ᠲᠥᠷᠥᠯ ᠤᠨ | ᠰᠤᠳᠤᠯᠤᠨ ᠨᠡᠭᠡᠭᠡᠬᠦ ᠲᠠᠪᠴᠠᠩ ᠢ ᠲᠥᠪᠯᠡᠷᠡᠭᠦᠯᠵᠦ᠂ ᠨᠢᠭᠡᠨᠲᠡ 500 ᠭᠠᠷᠤᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ | ᠣᠨᠳᠣᠣᠰᠢᠭᠤᠯᠬᠤ ᠶᠢ ᠠᠬᠢᠭᠤᠯᠪᠠ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢᠨ ᠬᠤᠪᠢᠰᠤᠭᠴᠢ ᠬᠡᠮᠵᠢᠭᠳᠡᠬᠦᠨ ᠨᠢ ᠶᠠᠭ ᠪᠤᠭᠤᠲᠤ ᠶᠢᠨ ᠬᠤᠪᠣᠷ | ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠵᠤ ᠲᠦᠷᠭᠡᠨ ᠣᠨᠳᠣᠣᠰᠢᠵᠤ ᠪᠠᠶᠢᠨ᠎ᠠ᠃ | ᠣᠳᠣᠬᠠᠨ ᠳᠤ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠥᠷᠥᠯ ᠵᠦᠢᠯ ᠨᠢ ᠪᠦᠷᠢᠨ ᠭᠦᠢᠴᠡᠳ᠂ ᠬᠡᠯᠬᠢᠶ᠎ᠡ ᠨᠢ | ᠪᠦᠷᠢᠨ ᠪᠦᠲᠦᠨ ᠪᠠᠶᠢᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠶᠠᠭ ᠳᠡᠭᠡᠳᠦ ᠳᠡᠰ ᠤᠨ ᠪᠠ ᠬᠤᠰᠢᠭᠤᠷᠠᠯ ᠬᠦᠷᠢᠶ᠎ᠡ ᠴᠠᠷᠠᠭ᠎ᠠ ᠲᠡᠶᠢᠰᠢ ᠥᠷᠭᠡᠵᠢᠵᠦ | ᠪᠠᠶᠢᠨ᠎ᠠ᠃ | ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 32.6% ᠳᠤ ᠬᠦᠷᠴᠦ᠂ ᠲᠦᠷᠭᠡᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠵᠤ᠂ ᠵᠢᠱᠢᠯᠲᠡ ᠪᠠᠷ ᠡᠨᠡ ᠵᠢᠯ ᠬᠤᠪᠣᠷ ᠰᠢᠷᠣᠢ ᠶᠢᠨ ᠠᠵᠤ ᠦᠢᠯᠡᠰ ᠤᠨ | ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠢ ᠶᠢᠨ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾ ᠠᠴᠠ | ︽ᠳᠡᠯᠡᠬᠡᠢ ᠶᠢᠨ ᠲᠠᠰ ᠤᠨ ᠠᠵᠤ ᠦᠢᠯᠡᠰ︾ ᠲᠡᠶᠢᠰᠢ ᠳᠠᠪᠰᠢᠬᠤ ᠶᠢ ᠪᠡᠶᠡᠯᠡᠭᠦᠯᠬᠦ ᠪᠣᠯᠣᠨ᠎ᠠ᠃ | ᠡᠨᠡ ᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ | ᠪᠠᠶᠢᠯᠳᠤᠬᠤ ᠪᠣᠳᠣᠯᠭ᠎ᠠ ᠶᠢ ᠳᠤᠷᠠᠳᠤᠭᠰᠠᠨ ᠠᠷᠪᠠᠨ ᠵᠢᠯ ᠤᠨ ᠤᠢ ᠪᠣᠯᠣᠨ᠎ᠠ᠃ ᠰᠢᠨ᠎ᠡ ᠠᠶᠠᠨ ᠳᠤ᠂ ᠥᠪᠥᠷ ᠮᠣᠩᠭᠤᠯ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ | ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠬᠢ ᠪᠠᠶᠠᠯᠢᠭ | ᠪᠠ ᠠᠵᠤ ᠦᠢᠯᠡᠰ ᠤᠨ ᠣᠨᠴᠠᠯᠢᠭᠲᠤ ᠳᠠᠪᠠᠭᠤᠯᠢᠭ ᠲᠤ ᠰᠠᠭᠤᠷᠢᠯᠠᠨ᠂ ᠴᠠᠭ ᠬᠤᠭᠤᠴᠠᠭᠠᠨ ᠤ ︽ᠴᠣᠩᠬᠤᠪᠴᠢ ᠶᠢᠨ ᠬᠤᠭᠤᠴᠠᠭ᠎ᠠ︾ ᠪᠠ ᠲᠥᠷᠥ ᠶᠢᠨ ᠪᠣᠳᠣᠯᠭ᠎ᠠ ᠶᠢᠨ | ︽ᠠᠵᠠ ᠲᠣᠬᠢᠶᠠᠯᠳᠤ ᠬᠤᠭᠤᠴᠠᠭ᠎ᠠ︾ ᠶᠢ ᠵᠠᠪᠳᠤᠨ ᠠᠳᠬᠤᠵᠤ᠂ ᠳᠠᠪᠠᠭᠤᠯᠢᠭ ᠢᠶᠠᠨ ᠪᠠᠳᠠᠷᠠᠭᠤᠯᠬᠤ᠂ ᠳᠤᠲᠠᠭᠤᠳᠠᠯ ᠢᠶᠠᠨ ᠨᠥᠬᠦᠪᠦᠷᠢᠯᠡᠬᠦ᠂ ᠰᠢᠨ᠎ᠡ ᠵᠦᠢᠯ ᠢ | ᠡᠭᠦᠳᠬᠦ ᠪᠠᠷ ᠬᠦᠴᠦᠯᠡᠵᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠭᠡᠬᠦ ᠡᠨᠡ ᠬᠦ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ | ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠨᠠᠩ ᠡᠷᠴᠢᠮᠲᠡᠢ ᠰᠠᠶᠢᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠠᠮᠤᠷ ᠲᠦᠪᠰᠢᠨ ᠪᠥᠭᠡᠳ ᠨᠠᠶᠢᠳᠠᠪᠤᠷᠢᠲᠠᠢ ︽ᠥᠪᠥᠷ ᠮᠣᠩᠭᠤᠯ ᠨᠡᠷᠡᠮᠵᠢᠲᠦ︾ | ᠡᠨᠧᠷᠭᠢ ᠶᠢᠨ ᠪᠠᠲᠤᠯᠠᠭ᠎ᠠ ᠬᠠᠩᠭᠠᠨ᠎ᠠ᠃ | |