ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ | ᠴᠤᠭᠯᠠᠭᠠᠨ ᠡᠨᠡ ᠡᠳᠦᠷ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠯ᠎ᠡ᠃ | ᠳᠡᠯᠡᠬᠡᠢ ᠶᠢᠨ 20 ᠭᠠᠷᠤᠢ ᠤᠯᠤᠰ ᠪᠠ ᠭᠠᠵᠠᠷ ᠣᠷᠣᠨ᠂ ᠪᠦᠭᠦ ᠤᠯᠤᠰ ᠤᠨ 25 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠵᠢᠴᠢ 12 ᠠᠶᠢᠮᠠᠭ ᠬᠤᠳᠠ ᠶᠢᠨ 500 ᠠᠷᠠᠯᠵᠢᠶᠠᠴᠢᠨ ᠣᠷᠣᠯᠴᠠᠵᠤ᠂ ᠥᠪᠡᠷᠮᠢᠴᠡ ᠳᠠᠪᠠᠭᠤᠯᠢᠭ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ | ᠦᠢᠯᠡᠰ ᠤᠨ ᠥᠷᠨᠢᠩᠭᠦᠢ ᠬᠥᠭᠵᠢᠯᠲᠡ ᠪᠠ ᠰᠣᠶᠣᠯ ᠤᠨ ᠰᠣᠯᠢᠯᠴᠠᠭ᠎ᠠ ᠲᠣᠯᠢᠳᠠᠯ ᠤᠨ ᠤᠷᠤᠭᠰᠢᠯᠠᠯᠲᠠ ᠶᠢᠨ ᠠᠶᠠᠰ ᠢ ᠬᠠᠮᠲᠤ ᠪᠠᠷ ᠴᠢᠪᠬᠠᠳᠠᠯ᠎ᠠ᠃ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠭᠦ᠂ ᠪᠦᠭᠦ ᠣᠷᠣᠨ ᠤ | ᠰᠣᠶᠣᠯ ᠤᠨ ᠪᠦᠲᠦᠭᠡᠭᠳᠡᠬᠦᠨ ᠪᠠ ᠲᠥᠷᠥᠯ ᠵᠦᠢᠯ ᠤᠨ ᠠᠷᠠᠯᠵᠢᠶ᠎ᠠ ᠶᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠤ ᠬᠤᠪᠢ ᠳᠤ᠂ ᠲᠣᠰ ᠬᠤᠭᠤᠴᠠᠭᠠᠨ ᠤ | ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠰᠢᠨ᠎ᠡ ᠶᠢ ᠡᠭᠦᠳᠦᠨ ᠰᠢᠨ᠎ᠡ ᠰᠣᠶᠣᠯ ᠤᠨ ᠡᠭᠦᠷᠭᠡ ᠶᠢ ᠨᠠᠩ ᠰᠠᠶᠢᠲᠤᠷ ᠡᠭᠦᠷᠭᠡᠯᠡᠵᠦ᠂ ᠥᠪᠡᠷᠲᠡᠭᠡᠨ | ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠭᠠᠷᠴᠠᠭ᠎ᠠ ᠦᠭᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠬᠦᠴᠦ ᠪᠠᠨ | ᠲᠥᠪᠯᠡᠷᠡᠭᠦᠯᠦᠨ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠨ᠎ᠠ | ᠥᠪᠥᠷ ᠮᠣᠩᠭᠤᠯ ᠣᠷᠣᠨ ᠲᠠᠷᠢᠶᠠᠯᠠᠬᠤ ᠪᠣᠯᠪᠠᠰᠤᠨ ᠬᠢᠭᠡᠳ ᠨᠡᠭᠦᠳᠡᠯ ᠮᠠᠯᠵᠢᠯ ᠤᠨ ᠪᠣᠯᠪᠠᠰᠤᠨ ᠤ ᠠᠭᠤᠯᠵᠠᠷ ᠣᠷᠣᠨ ᠪᠣᠯᠤᠭᠰᠠᠨ ᠤ ᠬᠤᠪᠢ ᠳᠤ᠂ ᠲᠡᠦᠬᠡᠨ | ᠳᠡᠭᠡᠷ᠎ᠡ ᠠᠳᠠᠯᠢ ᠪᠤᠰᠤ ᠰᠣᠶᠣᠯ ᠢ ᠠᠭᠤᠰᠤᠯᠴᠠᠭᠤᠯᠬᠤ ᠲᠠᠪᠴᠠᠩ ᠪᠣᠯᠤᠭᠰᠠᠨ ᠶᠤᠮ᠃ ᠥᠨᠢ ᠤᠳᠠᠭᠠᠨ ᠲᠡᠦᠬᠡ᠂ ᠰᠦᠷᠯᠢᠭ ᠦᠵᠡᠮᠵᠢ᠂ ᠣᠯᠠᠨ ᠦᠨᠳᠦᠰᠦᠲᠡᠨ ᠤ | ᠰᠣᠶᠣᠯ ᠤᠨ ᠠᠭᠤᠰᠤᠯᠴᠠᠯ ᠨᠢ ᠠᠭᠤᠯᠤᠭᠳᠠᠬᠤᠨ ᠡᠯᠪᠡᠭ ᠪᠠᠶᠠᠯᠢᠭ᠂ ᠣᠨᠴᠠᠯᠢᠭ ᠢᠯᠡ ᠲᠣᠳᠣ ᠤᠮᠠᠷᠠᠲᠤ ᠬᠢᠯᠢ ᠶᠢᠨ ᠰᠣᠶᠣᠯ ᠢ ᠪᠦᠷᠢᠯᠳᠦᠭᠦᠯᠵᠦ᠂ ᠪᠠᠰᠠ ᠴᠤ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠪᠠᠲᠤ ᠪᠠᠬᠢ ᠰᠠᠭᠤᠷᠢ ᠪᠣᠯᠤᠭᠰᠠᠨ ᠪᠠᠶᠢᠨ᠎ᠠ᠃ | ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠨᠢ ᠬᠦᠴᠦ ᠪᠠᠨ ᠲᠥᠪᠯᠡᠷᠡᠭᠦᠯᠦᠨ ᠤᠮᠠᠷᠠᠲᠤ | ᠬᠢᠯᠢ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ ᠲᠠᠪᠴᠠᠩ ᠪᠠᠶᠢᠭᠤᠯᠤᠨ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠥᠪᠥᠷ ᠮᠣᠩᠭᠤᠯ ᠤᠨ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠪᠣᠯᠣᠨ ᠠᠵᠤ ᠦᠢᠯᠡᠰ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠲᠠᠯ᠎ᠠ ᠪᠠᠷ ᠢᠯᠡᠷᠡᠭᠦᠯᠵᠦ᠂ ᠤᠮᠠᠷᠠᠲᠤ ᠬᠢᠯᠢ ᠶᠢᠨ | ᠰᠣᠶᠣᠯ ᠤᠨ ᠲᠦᠷᠦᠯ ᠲᠡᠮᠳᠡᠭ ᠤᠨ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ | ᠦᠵᠡᠭᠦᠯᠭᠡ ᠶᠢᠨ ᠲᠣᠭᠤᠷᠢᠭ ᠢ ᠨᠠᠷᠢᠨ ᠨᠢᠮᠪᠠᠢ ᠲᠥᠰᠥᠪᠯᠡᠨ ᠪᠠᠶᠢᠭᠤᠯᠵᠤ᠂ ︽ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠎ᠠ︾᠂ ︽ᠪᠢ ᠲᠠᠯ᠎ᠠ ᠨᠤᠲᠤᠭ ᠲᠠᠢ ᠪᠠᠨ | ᠪᠣᠯᠵᠤᠭ᠎ᠠ ᠲᠠᠢ︾᠂ ︽ᠬᠦᠰᠡᠯ ᠤᠨ ᠡᠬᠡ ᠭᠠᠵᠠᠷ ᠲᠤ︾᠂ ︽ᠷᠢᠳᠢ ᠰᠢᠳᠢᠲᠦ ᠶᠡᠭᠡ ᠲᠣᠬᠤᠢ︾᠂ ︽ᠣᠷᠳᠣ ᠴᠠᠭᠠᠨ ᠬᠡᠷᠡᠮ ᠤᠨ ᠡᠮᠦᠨ᠎ᠡ ᠤᠮᠠᠷ᠎ᠠ︾ᠭᠡᠬᠦ ᠲᠠᠪᠤᠨ ᠲᠣᠮᠣ | ᠬᠡᠰᠡᠭ ᠢᠶᠠᠷ ᠳᠠᠮᠵᠢᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠲᠠᠩᠰᠤᠭ ᠵᠢᠷᠤᠭ ᠢ ᠬᠠᠮᠲᠤ ᠪᠠᠷ ᠵᠢᠷᠤᠭᠯᠠᠪᠠ᠃ | ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠲᠤ᠂ ᠦᠵᠡᠭᠴᠢᠳ ᠲᠠᠯ᠎ᠠ ᠨᠤᠲᠤᠭ ᠤᠨ ᠨᠠᠨᠳᠢᠨ ᠪᠡᠯᠡᠭ᠂ ᠥᠪᠥᠷ | ᠮᠣᠩᠭᠤᠯ ᠤᠨ ᠭᠠᠷ ᠤᠷᠠᠯᠠᠯ᠂ ᠥᠪᠥᠷ ᠮᠣᠩᠭᠤᠯ ᠤᠨ ᠰᠣᠳᠣᠨ ᠪᠠᠷᠠᠭ᠎ᠠ ᠵᠡᠷᠭᠡ ᠲᠥᠯᠥᠭᠡᠯᠡᠬᠦ ᠴᠢᠨᠠᠷᠲᠠᠢ ᠰᠢᠯᠢᠳᠡᠭ ᠰᠣᠶᠣᠯ ᠤᠨ ᠪᠦᠲᠦᠭᠡᠭᠳᠡᠬᠦᠨ ᠢ ᠰᠣᠨᠢᠷᠬᠠᠵᠤ | ᠪᠤᠯᠬᠤ ᠪᠠᠷ ᠪᠠᠷᠠᠬᠤ ᠦᠭᠡᠢ ᠪᠠᠰᠠ︽ᠠᠵᠢᠨᠠᠢ ᠭᠦᠯᠦᠭ︾ ᠢ ᠬᠦᠯᠦᠭᠯᠡᠨ᠂ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠠᠮᠢ ᠠᠬᠤᠢ ᠶᠢᠨ ᠪᠠᠶᠢᠳᠠᠯ ᠢ ᠪᠡᠶᠡᠴᠢᠯᠡᠨ | ᠣᠶᠢᠯᠠᠭᠠᠵᠤ ᠪᠤᠯᠤᠨ᠎ᠠ; ᠡᠰᠡᠬᠦᠯ᠎ᠡ ᠬᠥᠮᠥᠨ ᠬᠢᠭᠡᠳ ᠮᠠᠰᠢᠨ ᠤ ᠰᠣᠯᠢᠯᠴᠠᠭ᠎ᠠ ᠪᠠ NFC ᠮᠡᠷᠭᠡᠵᠢᠯ ᠢ ᠠᠰᠢᠭᠯᠠᠨ᠂ ︽ᠳᠤᠯᠠᠭᠠᠨ ᠬᠤᠲᠠ︾ ᠶᠢᠨ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ᠂ ᠬᠤᠪᠢ ᠶᠢᠨ ᠲᠡᠷᠭᠡ ᠪᠠᠷ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠵᠠᠮ | ᠱᠤᠭᠤᠮ ᠤᠨ ᠦᠢᠯᠡᠳᠬᠦᠨ ᠢ ᠰᠣᠨᠢᠷᠬᠠᠵᠤ ᠪᠣᠯᠣᠨ᠎ᠠ᠃ ᠲᠤᠬᠠᠢ ᠶᠢᠨ ᠲᠠᠯᠠᠪᠠᠶ ᠶᠢᠨ 12 ᠠᠶᠢᠮᠠᠭ ᠬᠤᠲᠠ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪ ᠤᠨ | ᠲᠣᠭᠤᠷᠢᠨ ᠳᠤ᠂ ᠲᠣᠰ ᠲᠣᠰ ᠤᠨ ᠰᠣᠶᠣᠯ ᠤᠨ ᠠᠭᠤᠯᠤᠭᠳᠠᠬᠤᠨ ᠵᠢᠴᠢ ᠠᠵᠤ ᠦᠢᠯᠡᠰ ᠤᠨ ᠣᠨᠴᠠᠯᠢᠭ ᠲᠠᠭᠠᠨ ᠰᠠᠭᠤᠷᠢᠯᠠᠵᠤ᠂ ᠪᠣᠳᠠᠲᠤ ᠬᠦᠴᠦᠨ ᠢᠶᠠᠨ ᠳᠡᠯᠭᠡᠨ | ᠦᠵᠡᠭᠦᠯᠵᠦ᠂ ᠴᠤᠭ ᠵᠢᠪᠬᠤᠭ᠎ᠠ ᠪᠠᠨ ᠪᠠᠳᠠᠷᠠᠭᠤᠯᠤᠨ᠂ ᠰᠣᠳᠣᠨ ᠪᠦᠲᠦᠭᠡᠯ ᠭᠠᠷᠭᠠᠪᠠ᠃ ᠲᠣᠭᠠᠴᠢᠯᠠᠯᠲᠠ ᠶᠢᠨ ᠪᠡᠶᠡᠴᠢ ᠣᠶᠢᠯᠠᠭᠠᠯᠲᠠ᠂ ᠤᠯᠠᠨ ᠦᠨᠳᠦᠰᠦᠲᠡᠨ ᠤ | ᠤᠷᠠᠨ ᠰᠠᠶᠢᠬᠠᠨ ᠤ ᠲᠣᠬᠯᠠᠯᠲᠠ ᠵᠠᠯᠭᠠᠭ᠎ᠠ ᠪᠠᠷ ᠭᠠᠷᠴᠤ᠂ ᠡᠯ᠎ᠡ ᠭᠠᠵᠠᠷ ᠤᠨ ᠰᠣᠶᠣᠯ ᠤᠨ ᠬᠡᠷᠡᠭᠯᠡᠭᠡᠨ ᠤ ᠲᠠᠯᠠᠪᠤᠷ᠂ ᠣᠷᠣᠨ ᠪᠦᠰᠡ ᠶᠢᠨ ᠣᠨᠴᠠᠯᠢᠭᠲᠤ ᠰᠣᠶᠣᠯ ᠢ | ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠰᠣᠶᠣᠯ ᠤᠯᠠᠨ ᠲᠦᠮᠡᠨ ᠤ ᠠᠮᠢᠳᠤᠷᠠᠯ ᠳᠤ ᠰᠢᠮᠡᠳᠦᠨᠠ᠃ | ᠰᠣᠶᠣᠯ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠶᠢ ᠳᠣᠪᠤᠶᠢᠯᠭᠠᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠴᠠᠭ | ᠦᠶ᠎ᠡ ᠶᠢᠨ ᠭᠡᠷᠡᠯ ᠭᠢᠯᠪᠠᠭ᠎ᠠ ᠶᠢ ᠰᠠᠴᠤᠷᠠᠭᠤᠯᠤᠨ᠎ᠠ | ᠮᠢᠩᠭᠠᠨ ᠣᠨ ᠤ ᠪᠣᠳᠠᠰ ᠤᠨ ᠪᠤᠰᠤ ᠰᠣᠶᠣᠯ ᠤᠨ ᠥᠪ ᠭᠡᠷᠡᠯ ᠭᠢᠯᠪᠠᠭ᠎ᠠ ᠪᠠᠨ ᠰᠠᠴᠤᠷᠠᠭᠤᠯᠤᠨ᠂ ᠴᠣ ᠰᠢᠨ᠎ᠡ ᠳᠦᠷᠢ ᠲᠥᠷᠬᠦ ᠪᠠᠨ ᠭᠠᠶᠢᠬᠠᠭᠤᠯᠤᠨ᠎ᠠ᠃ | ᠮᠠᠨ ᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵ᠂ ᠮᠣᠷᠢᠨ ᠬᠤᠭᠤᠷ᠂ ᠤᠷᠲᠤ ᠶᠢᠨ ᠳᠠᠭᠤᠤ᠂ ᠬᠥᠭᠡᠮᠡᠢ᠂ ᠡᠯ | ᠷᠧᠨ ᠲᠠᠢ ᠵᠡᠷᠭᠡ ᠤᠯᠠᠮᠵᠢᠯᠠᠯᠲᠤ ᠤᠷᠠᠯᠢᠭ ᠥᠨᠢ ᠤᠳᠠᠭᠠᠨ ᠲᠡᠦᠬᠡ ᠲᠠᠢ᠃ ᠴᠠᠭᠠᠰᠤᠨ ᠬᠠᠶᠢᠴᠢᠯᠠᠮᠠᠯ᠂ ᠠᠷᠠᠰᠤᠨ ᠤᠷᠠᠯᠠᠯ᠂ ᠤᠷᠠᠳ ᠬᠠᠳᠬᠤᠮᠠᠯ ᠵᠡᠷᠭᠡ ᠪᠣᠳᠠᠰ ᠤᠨ | ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠥᠨᠢ ᠤᠳᠠᠭᠠᠨ ᠲᠡᠦᠬᠡ ᠲᠠᠢ ᠶᠤᠮ᠃ ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ | ᠠᠷᠠᠯᠵᠢᠶᠠᠨ ᠤ ᠴᠤᠭᠯᠠᠭᠠᠨ ᠨᠢ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠶᠢ ᠣᠨᠴᠠᠭᠠᠶᠢᠯᠠᠨ ᠵᠣᠬᠢᠶᠠᠨ ᠪᠠᠶᠢᠭᠤᠯᠵᠤ᠂ | ︽ᠬᠠᠮᠲᠤ ᠪᠠᠷ ᠴᠡᠩᠭᠡᠯᠳᠦᠵᠦ ᠬᠠᠮᠲᠤ ᠪᠠᠷ ᠪᠥᠵᠢᠭᠯᠡᠨ᠎ᠡ︾᠂ ︽ᠭᠠᠷ ᠤᠨ ᠤᠷᠠᠨ︾᠂ ︽ᠰᠣᠶᠣᠯ ᠤᠨ ᠤᠯᠠᠮᠵᠢᠯᠠᠯ ᠢ ᠬᠠᠮᠲᠤ ᠪᠠᠷ ᠥᠪᠯᠡᠨᠡ︾ ᠭᠡᠬᠦ ᠭᠤᠷᠪᠠᠨ | ᠠᠭᠤᠯᠭ᠎ᠠ ᠵᠢᠴᠢ ᠰᠣᠳᠣᠨ ᠪᠦᠲᠦᠭᠡᠯ ᠤᠨ ᠦᠵᠡᠭᠦᠯᠭᠡ᠂ ᠤᠷ᠎ᠠ ᠮᠡᠷᠭᠡᠵᠢᠯ ᠤᠨ ᠦᠵᠡᠭᠦᠯᠭᠡ ᠲᠣᠬᠯᠠᠯᠲᠠ᠂ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠤ | ᠪᠣᠷᠤᠯᠠᠭᠤᠯᠭ᠎ᠠ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠠᠮᠢᠵᠢᠷᠠᠯ ᠤᠨ ᠬᠦᠴᠦᠨ ᠪᠠ ᠦᠨ᠎ᠡ ᠴᠡᠨ᠎ᠠ ᠶᠢ | ᠬᠠᠷᠠᠭᠤᠯᠪᠠ᠃ | ᠪᠠᠰᠠ᠂ ᠣᠷᠣᠨ ᠤ ᠭᠠᠳᠠᠨᠠᠬᠢ ᠨᠢᠭᠡ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠴᠦ ᠲᠥᠪᠯᠡᠷᠡᠩᠭᠦᠢ | ᠦᠵᠡᠭᠦᠯᠪᠡ᠃ 1200 ᠭᠠᠷᠤᠢ ᠵᠢᠯ ᠤᠨ ᠲᠡᠦᠬᠡ ᠲᠠᠢ ᠬᠠᠶᠢᠨᠢᠩ ᠤᠨ ᠰᠢᠶᠠᠱᠢ ᠶᠢᠨ ᠴᠢᠯᠠᠭᠤᠨ ᠳ᠋ᠧᠩ᠂ ᠴᠢᠩ ᠤᠯᠤᠰ ᠤᠨ ᠲᠦᠷᠦ ᠬᠡᠷᠡᠯᠳᠦ ᠶᠢᠨ ᠦᠶ᠎ᠡ ᠳᠤ | ᠡᠭᠦᠳᠦᠭᠰᠡᠨ ᠨᠠᠨᠲ᠋ᠦ᠋ᠩ ᠤᠨ ᠼᠤᠤ ᠢᠦᠢ ᠰᠢᠩ ᠪᠥᠰ ᠪᠤᠳᠤᠬᠤ ᠦᠢᠯᠡᠳᠬᠡᠯ ᠤᠨ ᠭᠠᠵᠠᠷ ᠤᠨ ᠬᠥᠬᠡ ᠬᠤᠸᠠᠷ ᠲᠠᠢ ᠪᠥᠰ ᠵᠢᠴᠢ ᠬᠥᠬᠡ ᠬᠤᠸᠠᠷ ᠲᠠᠢ ᠰᠣᠶᠣᠯ ᠤᠨ | ᠪᠦᠲᠦᠭᠡᠯᠴᠢ ᠪᠦᠲᠦᠭᠡᠭᠳᠡᠬᠦᠨ ᠨᠢ ᠶᠠᠫᠤᠨ ᠺᠤᠷᠢᠶᠠ᠂ ᠡᠸᠦ᠋ᠷᠦᠫᠡ ᠠᠮᠧᠷᠢᠺᠠ ᠵᠡᠷᠭᠡ ᠤᠯᠤᠰ ᠪᠠ ᠭᠠᠵᠠᠷ ᠣᠷᠣᠨ ᠳᠤ ᠪᠣᠷᠣᠯᠠᠭᠤᠯᠤᠭᠳᠠᠵᠤ ᠪᠠᠶᠢᠨ᠎ᠠ᠃ ᠶᠢᠨ ᠮᠧᠨ | ᠪᠡᠯᠡᠭ᠂ ᠶᠡᠭᠡ ᠲᠠᠲᠠᠮᠠᠯ ᠭᠤᠣᠯ ᠤᠨ ᠪᠡᠯᠡᠭ᠂ ᠴᠦ᠋ ᠤᠯᠤᠰ ᠤᠨ ᠪᠡᠯᠡᠭ᠂ ᠮᠠᠯᠤᠷ ᠦᠳᠡᠭᠡ ᠨᠣᠮ ᠤᠨ ᠳᠡᠯᠭᠡᠭᠦᠷ ᠵᠡᠷᠭᠡ ᠨᠢᠭᠡ ᠪᠦᠯᠦᠭ ᠰᠢᠯᠢᠳᠡᠭ ᠰᠣᠶᠣᠯ ᠤᠨ | ᠪᠦᠲᠦᠭᠡᠭᠳᠡᠬᠦᠨ ᠤᠯᠠᠨ ᠤ ᠠᠩᠬᠠᠷᠤᠯ ᠳᠤ ᠭᠦᠷᠦᠯ᠎ᠠ᠃ ᠲᠤᠰ ᠬᠤᠭᠤᠴᠠᠭᠠᠨ ᠤ ᠰᠣᠶᠣᠯ ᠤᠨ ᠦᠵᠡᠰᠭᠦᠯᠡᠩ ᠤᠨ ᠴᠤᠭᠯᠠᠭᠠᠨ ᠳᠡᠯᠡᠬᠡᠶᠢᠵᠢᠯ ᠤᠨ ᠲᠦᠪᠰᠢᠨ ᠢᠶᠠᠨ | ᠳᠡᠭᠡᠭᠰᠢᠯᠡᠭᠦᠯᠵᠦ᠂ ᠰᠣᠶᠣᠯ ᠤᠨ ᠭᠠᠳᠠᠭᠠᠳᠤ ᠨᠡᠭᠡᠭᠡᠯᠲᠡ ᠰᠣᠯᠢᠯᠴᠠᠭ᠎ᠠ ᠪᠠᠨ ᠥᠷᠭᠡᠳᠭᠡᠵ᠂ ᠹᠷᠠᠨᠼᠢ᠂ ᠭᠠᠨᠠ᠂ ᠫᠤᠯᠠᠨᠳ᠋᠂ ᠴᠧᠬᠤ᠋᠂ ᠡᠨᠡᠳᠬᠡᠭ᠂ ᠨᠧᠫᠠᠯ ᠵᠡᠷᠭᠡ | ᠤᠯᠠᠨ ᠤᠯᠤᠰ ᠪᠣᠯᠣᠨ ᠭᠠᠵᠠᠷ ᠣᠷᠣᠨ ᠤ ᠬᠠᠮᠢᠶ᠎ᠠ ᠪᠦᠬᠦᠢ ᠠᠵᠤ ᠠᠬᠤᠶᠢᠯᠠᠯ ᠪᠤᠶᠤ ᠳᠤᠮᠳᠠᠳᠤ ᠤᠯᠤᠰ ᠲᠤ ᠰᠠᠭᠤᠭ᠎ᠠ ᠲᠥᠯᠥᠭᠡᠯᠡᠭᠴᠢ ᠶᠢ ᠤᠷᠢᠵᠤ | ᠦᠵᠡᠰᠭᠦᠯᠡᠩ ᠳᠤ ᠣᠷᠣᠯᠴᠠᠭᠤᠯᠪᠠ᠃ ᠡᠷᠲᠡᠨ ᠡᠳᠦᠭᠡ ᠶᠢᠨ ᠠᠭᠤᠰᠤᠯᠴᠠᠯ᠂ ᠳᠤᠮᠳᠠᠳᠤ ᠭᠠᠳᠠᠭᠠᠳᠤ ᠶᠢᠨ ᠨᠡᠪᠲᠡᠷᠡᠯᠴᠡᠭᠡ ᠨᠢ ᠪᠣᠯᠪᠠᠰᠤᠨ ᠤ ᠰᠣᠯᠢᠯᠴᠠᠭ᠎ᠠ ᠲᠣᠯᠢᠯᠠᠯ | ᠳᠤᠮᠳᠠ ᠰᠣᠶᠣᠯ ᠤᠨ ᠢᠲᠡᠭᠡᠯ ᠢᠶᠠᠨ ᠴᠢᠩᠭᠠᠳᠬᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠨ᠎ᠠ᠃ | ᠶᠠᠰᠤ ᠴᠢᠨᠠᠷ ᠢ ᠳᠡᠭᠡᠭᠰᠢᠯᠡᠭᠦᠯᠦᠨ ᠰᠢᠨᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠬᠦᠷᠢᠶᠡᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠪᠣᠶᠢᠵᠢᠭᠤᠯᠤᠨ ᠬᠥᠭᠵᠢᠭᠦᠯᠦᠨ᠎ᠡ | ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ᠂ ᠮᠠᠰᠢ ᠤᠯᠠᠨ VR ᠭᠡᠯᠪᠡᠷᠢ ᠶᠢᠨ ᠪᠡᠶᠡᠴᠢ ᠣᠶᠢᠯᠠᠭᠠᠯᠲᠠ ᠶᠢᠨ | ᠠᠵᠢᠯᠯᠠᠭ᠎ᠠ ᠥᠷᠨᠢᠭᠦᠯᠵᠦ᠂ ᠫᠢᠷᠠᠮᠢᠳ᠋ ᠰᠤᠪᠤᠷᠭ᠎ᠠ᠂ ᠰᠠᠬᠢᠭᠤᠯᠰᠤᠨ ᠰᠦᠮ᠎ᠡ ᠵᠡᠷᠭᠡ ᠪᠠᠷᠲᠠᠭ᠎ᠠ ᠬᠠᠶᠢᠬᠤ ᠠᠶᠠᠯᠠᠯ ᠢ ᠡᠳ᠋ᠯᠡᠵᠦ ᠪᠤᠯᠤᠨ᠎ᠠ; ᠴᠠᠭ ᠣᠷᠣᠨ ᠵᠠᠢ ᠳᠤ | ᠡᠭᠡᠯᠵᠢᠯᠡᠨ ᠣᠷᠴᠢᠵᠤ᠂ ︽ᠡᠷᠲᠡᠨ ᠤ ᠨᠣᠮ ᠰᠤᠳᠤᠷ ᠤᠨ ᠠᠶᠠᠯᠠᠯ ᠤᠨ ᠲᠡᠮᠳᠡᠭᠯᠡᠯ︾ ᠳᠤ ᠣᠷᠣᠵᠤ᠂ ᠤᠯᠠᠨ ᠴᠠᠭ ᠦᠶ᠎ᠡ ᠶᠢᠨ ᠠᠬᠤᠢ ᠪᠠᠶᠢᠳᠠᠯ ᠢ ᠣᠶᠢᠯᠠᠭᠠᠨ | ᠡᠷᠲᠡᠨ ᠤ ᠨᠣᠮ ᠰᠤᠳᠤᠷ ᠤᠨ ᠦᠨᠡᠨ ᠪᠠᠶᠢᠳᠠᠯ ᠢ ᠪᠡᠶ᠎ᠡ ᠪᠠᠷ ᠢᠶᠠᠨ ᠮᠡᠳᠡᠷᠡᠵᠦ ᠪᠣᠯᠣᠨ᠎ᠠ᠃ ᠲᠤᠰ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ | ᠪᠠ ᠠᠷᠠᠯᠵᠢᠶᠠᠨ ᠤ ᠴᠤᠭᠯᠠᠭᠠᠨ ᠳᠤ ᠲᠣᠭᠠᠴᠢᠯᠠᠯᠳᠠ ᠣᠶᠤᠨᠴᠢᠯᠠᠯᠲᠠ ᠨᠡᠩ ᠭᠦᠢᠴᠡᠳ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠭᠤᠯᠤᠭᠳᠠᠬᠤᠨ ᠨᠡᠩ | ᠥᠨᠳᠥᠷ ᠪᠣᠯᠵᠠᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠰᠣᠶᠣᠯ ᠤᠨ ᠠᠵᠤ | ᠠᠬᠤᠶᠢᠯᠠᠯ ᠤᠨ ᠦᠵᠡᠭᠦᠯᠭᠡ ᠶᠢᠨ ᠲᠣᠭᠤᠷᠢᠭ ᠢ ᠠᠩᠬ᠎ᠠ ᠤᠳᠠᠭ᠎ᠠ ᠪᠠᠶᠢᠭᠤᠯᠵᠤ᠂ ᠰᠣᠶᠣᠯ ᠤᠨ ᠲᠣᠭᠠᠴᠢᠯᠠᠭᠰᠠᠨ ᠭᠤᠣᠯ ᠰᠡᠳᠦᠪᠲᠦ ᠦᠵᠡᠭᠦᠯᠭᠡ ᠶᠢᠨ ᠲᠣᠭᠤᠷᠢᠭ ᠢ | ᠬᠦᠴᠦᠷᠬᠡᠭᠵᠢᠭᠦᠯᠦᠨ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠲᠣᠭᠠᠴᠢᠯᠠᠭᠰᠠᠨ ᠪᠦᠲᠦᠭᠡᠯᠴᠢ ᠰᠡᠳᠬᠢᠮᠵᠢ ᠵᠡᠷᠭᠡ ᠠᠵᠤ ᠠᠬᠤᠶᠢᠯᠠᠯ ᠵᠢᠴᠢ | ᠲᠥᠷᠥᠯ ᠵᠦᠢᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠪᠠ᠃ ᠭᠦᠨᠵᠡᠭᠡᠢ ᠪᠡᠶᠡᠴᠢᠯᠡᠨ ᠣᠶᠢᠯᠠᠭᠠᠬᠤ ᠣᠷᠣᠨ ᠵᠠᠢ᠂ ᠲᠣᠭᠠᠴᠢᠯᠠᠭᠰᠠᠨ ᠬᠥᠮᠥᠨ᠂ | ᠡᠷᠬᠡᠰ ᠣᠷᠴᠢᠯᠠᠩ ᠤᠨ ᠲᠠᠪᠴᠠᠩ᠂ AI ᠵᠠᠭᠪᠤᠷ᠂ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠣᠶᠣᠯ ᠵᠢᠭᠤᠯᠴᠢᠯᠠᠯ ᠤᠨ ᠲᠣᠨᠣᠭᠯᠠᠯ᠂ ᠨᠢᠭᠡ ᠪᠦᠯᠦᠭ ᠰᠢᠨ᠎ᠡ | ᠦᠢᠯᠡᠳᠬᠦᠨ᠂ ᠰᠢᠨ᠎ᠡ ᠬᠡᠷᠡᠭᠯᠡᠭᠡ᠂ ᠰᠢᠨ᠎ᠡ ᠠᠬᠤᠢ ᠪᠠᠶᠢᠳᠠᠯ ᠢᠯᠡᠷᠡᠵᠦ᠂ ᠰᠣᠶᠣᠯ ᠤᠨ ᠬᠦᠷᠢᠶᠡᠨ ᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠥᠷᠭᠡᠨ | ᠠᠭᠤᠳᠠᠮ ᠬᠥᠭᠵᠢᠯᠲᠡ ᠶᠢᠨ ᠢᠷᠡᠭᠡᠳᠦᠢ ᠶᠢ ᠢᠯᠡᠷᠡᠭᠦᠯᠪᠡ᠃ | ᠠᠷᠪᠠᠨ ᠳᠥᠷᠪᠡᠳᠦᠭᠡᠷ ᠬᠤᠭᠤᠴᠠᠭᠠᠨ ᠤ ︽ᠪᠦᠭᠦ ᠤᠯᠤᠰ ᠤᠨ ᠰᠣᠶᠣᠯ ᠤᠨ ᠠᠵᠤ ᠠᠬᠤᠶᠢᠯᠠᠯ ᠤᠨ 30 ᠬᠦᠴᠦᠷᠬᠡᠭ︾ ᠲᠤ ᠨᠡᠷ᠎ᠡ ᠳᠤᠷᠠᠳᠤᠭᠰᠠᠨ ᠠᠵᠤ | ᠠᠬᠤᠶᠢᠯᠠᠯ ︽ᠲᠣᠷᠭᠠᠨ ᠵᠠᠮ ᠤᠨ ᠬᠠᠷᠠᠭ᠎ᠠ︾᠂ ︽ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ︾ ᠯᠢ ᠹᠧᠩ ᠰᠣᠶᠣᠯ ᠤᠨ ᠪᠦᠯᠦᠭᠯᠡᠯ | ᠂ VR ᠵᠤᠭ᠎ᠠ ᠴᠡᠩᠭᠡᠯ ᠤᠨ ᠠᠮᠢ ᠠᠬᠤᠢ ᠶᠢᠨ ᠦᠢᠯᠡᠴᠢᠯᠡᠭᠡᠨ ᠤ ᠠᠷᠠᠯᠵᠢᠶᠠᠨ ᠤ ᠪᠡᠭᠡᠵᠢᠩ ᠤᠨ ᠳ᠋ᠠᠩ ᠬᠤᠩ ᠴᠢ ᠲᠢᠶᠠᠨ ᠪᠦᠯᠦᠭᠯᠡᠯ᠂ ᠯᠠᠩ ᠴᠤᠤ ᠰᠢᠨᠵᠢᠯᠡᠬᠦ | ᠤᠬᠠᠭᠠᠨ ᠲᠸᠭᠨᠢᠭ ᠮᠡᠷᠭᠡᠵᠢᠯ᠂ ᠳ᠋ᠠᠯᠢᠶᠠᠨ ᠤ ᠪᠦᠸᠧ ᠲᠤᠤ ᠵᠡᠷᠭᠡ ᠰᠢᠯᠢᠳᠡᠭ ᠲᠣᠭᠠᠴᠢᠯᠠᠭᠰᠠᠨ ᠰᠣᠶᠣᠯ ᠤᠨ ᠠᠵᠤ ᠠᠬᠤᠶᠢᠯᠠᠯ ᠦᠵᠡᠰᠭᠦᠯᠡᠩ ᠳᠤ ᠣᠷᠣᠯᠴᠠᠵᠤ᠂ | ︽ᠰᠢᠨ᠎ᠡ ᠴᠢᠨᠠᠷ ᠰᠠᠶᠢᠲᠠᠢ ᠰᠣᠶᠣᠯ ᠤᠨ ᠪᠦᠲᠦᠭᠡᠭᠳᠡᠬᠦᠨ︾ ᠢ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ | ᠠᠷᠠᠯᠵᠢᠶᠠᠨ ᠤ ᠴᠤᠭᠯᠠᠭᠠᠨ ᠨᠢ ᠮᠠᠰᠢ ᠣᠯᠠᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠤ ᠠᠩᠬᠠᠨ ᠤ ᠦᠵᠡᠰᠭᠦᠯᠡᠩ ᠪᠣᠯᠵᠠᠢ᠃ | | | ᠦᠵᠡᠰᠭᠦᠯᠡᠩ ᠪᠠ ᠠᠷᠠᠯᠵᠢᠶᠠᠨ ᠤ ᠴᠢᠳᠠᠮᠵᠢ ᠳᠤ ᠰᠠᠭᠤᠷᠢᠯᠠᠨ᠂ ᠦᠵᠡᠭᠴᠢᠳ ᠪᠠ ᠠᠵᠤ ᠠᠬᠤᠶᠢᠯᠠᠯ ᠢ ︽ᠭᠤᠣᠯ ᠳᠦᠷᠢ︾ ᠪᠣᠯᠭᠠᠨ᠎ᠠ | ᠰᠣᠶᠣᠯ ᠤᠨ ᠦᠵᠡᠰᠭᠦᠯᠡᠩ ᠪᠣᠯ ᠪᠦᠭᠦ ᠠᠷᠠᠳ ᠢᠶᠠᠷ ᠢᠶᠠᠨ ᠰᠣᠶᠣᠯ ᠤᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠲᠠᠪᠴᠠᠩ ᠮᠥᠨ᠃ ᠠᠷᠠᠳ ᠣᠯᠠᠨ ᠤ | ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ | ᠨᠢ ᠣᠯᠠᠨ ᠵᠦᠢᠯ ᠤᠨ ᠰᠢᠨ᠎ᠡ ᠠᠷᠭ᠎ᠠ ᠬᠡᠮᠵᠢᠶ᠎ᠡ ᠭᠠᠷᠭᠠᠪᠠ᠃ ᠲᠤᠬᠠᠶᠢᠯᠠᠪᠠᠯ᠄ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ | ᠴᠤᠭᠯᠠᠭᠠᠨ ᠢ ᠡᠷᠭᠢᠯᠡᠵᠦ᠂ 20 ᠭᠠᠷᠤᠢ ᠲᠦᠮᠡ᠂ 1000 ᠭᠠᠷᠤᠢ ᠵᠦᠢᠯ ᠤᠨ ᠪᠠᠭᠠᠴᠤᠳ ᠬᠡᠦᠬᠡᠳ ᠤᠨ ᠨᠣᠮ ᠪᠢᠴᠢᠭ ᠢ ᠳᠡᠯᠭᠡᠨ ᠪᠣᠷᠣᠯᠠᠭᠤᠯᠵᠤ᠂ 300 | ᠲᠦᠮᠡᠨ ᠲᠥᠭᠦᠷᠢᠭ ᠤᠨ ᠨᠣᠮ ᠬᠤᠳᠠᠯᠳᠤᠨ ᠠᠪᠬᠤ ᠨᠥᠬᠦᠪᠦᠷᠢ ᠳᠠᠷᠬᠠᠭᠠᠪᠠ;︽ᠲᠠᠮᠠᠭ᠎ᠠ ᠳᠠᠷᠤᠵᠤ ᠳᠤᠷᠠᠰᠬᠠᠯ ᠦᠯᠡᠳᠡᠭᠡᠬᠦ︾ ᠵᠢᠭᠤᠯᠴᠢᠯᠠᠯ ᠤᠨ ᠠᠵᠢᠯᠯᠠᠭ᠎ᠠ ᠶᠢ | ᠡᠷᠭᠢᠯᠡᠵᠦ᠂ ᠵᠤᠨ ᠤ ᠠᠮᠠᠷᠠᠯᠲᠠ ᠶᠢᠨ ᠬᠤᠭᠤᠴᠠᠭᠠᠨ ᠤ ᠬᠠᠯᠠᠮᠰᠢᠯ ᠺᠢᠨᠣ᠋ ᠭᠠᠷᠭᠠᠵᠤ᠂ ᠦᠵᠡᠭᠴᠢᠳ ᠤᠨ ᠠᠵᠢᠯᠯᠠᠭ᠎ᠠ ᠳᠤ ᠣᠷᠤᠯᠴᠠᠬᠤ ᠢᠳᠡᠪᠬᠢᠵᠢᠯ ᠪᠠ | ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ᠪᠦᠭᠦ ᠠᠷᠠᠳ ᠢᠶᠠᠷ ᠢᠶᠠᠨ ᠣᠷᠣᠯᠴᠠᠬᠰᠠᠨ᠂ ᠪᠦᠭᠦ ᠠᠷᠠᠳ ᠢᠶᠠᠷ ᠢᠶᠠᠨ ᠬᠠᠮᠲᠤ ᠪᠠᠷ ᠡᠳ᠋ᠯᠡᠭᠰᠡᠨ ᠨᠢᠭᠡ | ᠬᠤᠭᠤᠴᠠᠭᠠᠨ ᠤ ᠰᠣᠶᠣᠯ ᠤᠨ ᠦᠪᠡᠳᠡᠭᠰᠢ ᠴᠤᠭᠯᠠᠭᠠᠨ ᠢ ᠦᠨᠡᠨ ᠬᠦ ᠵᠣᠬᠢᠶᠠᠨ ᠪᠠᠶᠢᠭᠤᠯᠤᠭᠰᠠᠨ ᠪᠠᠶᠢᠨ᠎ᠠ᠃ | ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠤᠨ ᠠᠵᠤ | ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠢᠳᠡᠪᠬᠢᠯᠡᠨ ᠣᠷᠣᠯᠴᠠᠪᠠ᠃ ᠰᠣᠶᠣᠯ ᠤ ᠠᠵᠤ ᠦᠢᠯᠡᠰ ᠤᠨ | ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠤ ᠬᠤᠭᠤᠴᠠᠭᠠᠨ ᠳᠤ ᠡᠯ᠎ᠡ ᠲᠥᠷᠥᠯ ᠤᠨ ᠠᠵᠤ ᠠᠬᠤᠢ ᠠᠷᠠᠯᠵᠢᠶ᠎ᠠ ᠶᠢ ᠵᠣᠯᠭᠠᠭᠤᠯᠬᠤ ᠠᠵᠢᠯᠯᠠᠭ᠎ᠠ ᠤᠯᠠᠨ ᠳᠠᠯᠠᠪᠠᠢ | ᠶᠠᠪᠤᠭᠳᠠᠨ᠎ᠠ ; ᠠᠵᠤ ᠦᠢᠯᠡᠰ ᠤᠨ ᠡᠬᠢᠨ ᠤ ᠪᠠ ᠡᠴᠦᠰ ᠤᠨ ᠪᠦᠲᠦᠭᠡᠭᠳᠡᠬᠦᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠲᠥᠷᠥᠯ ᠵᠦᠢᠯ ᠢ ᠲᠤᠬᠠᠢ ᠶᠢᠨ | ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠣᠭᠤᠷᠢᠨ ᠦᠵᠡᠵᠦ ᠵᠣᠯᠭᠠᠭᠤᠯᠬᠤ ᠠᠵᠢᠯ ᠢ ᠥᠷᠨᠢᠭᠦᠯᠦᠨ᠎ᠡ; ᠰᠢᠯᠢᠳᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ᠂ | ᠲᠥᠷᠥᠯ ᠵᠦᠢᠯ ᠤᠨ ᠬᠠᠷᠢᠭᠤᠴᠠᠯᠭᠠᠲᠠᠨ ᠢ ᠤᠷᠢᠵᠤ ᠲᠤᠷᠰᠢᠯᠭ᠎ᠠ ᠵᠢᠭᠠᠯᠭᠠᠵᠤ᠂ ᠠᠮᠵᠢᠯᠲᠠ ᠲᠤᠷᠰᠢᠯᠭ᠎ᠠ ᠪᠠᠨ ᠬᠤᠪᠢᠶᠠᠯᠴᠠᠨ᠎ᠠ; ᠠᠷᠠᠯᠵᠢᠶᠠᠯᠠᠬᠤ ᠴᠢᠳᠠᠮᠵᠢ ᠶᠢ | ᠦᠷᠭᠦᠯᠵᠢᠯᠡᠨ ᠴᠢᠩᠭᠠᠷᠠᠭᠤᠯᠵᠤ᠂ ᠠᠷᠠᠯᠵᠢᠶᠠᠯᠠᠬᠤ ᠵᠠᠮ ᠮᠥᠷ ᠢ ᠥᠷᠭᠡᠳᠬᠡᠵᠦ᠂ ᠴᠢᠨᠠᠷ ᠰᠠᠶᠢᠲᠠᠢ ᠦᠢᠯᠡᠳᠬᠦᠨ ᠵᠢᠴᠢ ᠦᠢᠯᠡᠴᠢᠯᠡᠭᠡ ᠶᠢ ᠵᠠᠬ᠎ᠠ ᠳᠡᠯᠭᠡᠭᠦᠷ ᠲᠤ | ᠭᠠᠷᠭᠠᠬᠤ ᠶᠢ ᠠᠬᠢᠭᠤᠯᠤᠨ᠎ᠠ᠃ | ᠨᠠᠢᠮᠠᠳᠤᠭᠠᠷ ᠬᠤᠭᠤᠴᠠᠭᠠᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠨᠢ ᠰᠢᠨ᠎ᠡ ᠰᠣᠶᠣᠯ ᠤᠨ ᠡᠭᠦᠷᠭᠡ ᠶᠢ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠪᠦᠭᠦ ᠣᠷᠣᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ | ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠣᠷᠢᠭ ᠰᠠᠨᠠᠭᠠᠨ ᠤ ᠬᠦᠴᠦᠨ ᠴᠢᠳᠠᠯ ᠢ ᠦᠷᠭᠦᠯᠵᠢᠯᠡᠨ ᠨᠢᠭᠲᠠᠷᠠᠭᠤᠯᠬᠤ ᠪᠣᠯᠣᠨ᠎ᠠ᠃ | |