ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2024﹈ 1 ᠳ᠋ᠦ᠋ᠭᠡᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ | ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ | ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠵᠤ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2024 ᠣᠨ ᠤ 3 ᠳ᠋ᠤᠭᠠᠷ ᠰᠠᠷ᠎ᠠ ᠶᠢᠨ 31 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠵᠠᠰᠠᠭ ᠤᠨ | ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠪᠠ ᠳᠠᠶᠢᠴᠢᠯᠠᠨ ᠳᠠᠭᠠᠭᠤᠯᠬᠤ ᠨᠥᠯᠥᠭᠡᠯᠡᠯ ᠢ ᠨᠢ ᠪᠠᠳᠠᠷᠠᠭᠤᠯᠤᠨ᠂ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ᠂ ᠠᠵᠢᠯᠯᠠᠭᠤᠯᠬᠤ ᠪᠠ ᠬᠢᠨᠠᠨ ᠬᠠᠮᠢᠶᠠᠷᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ︾᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠷᠰᠢᠭᠰᠠᠨ ᠠᠵᠤ ᠠᠬᠤᠶᠢᠯᠠᠯ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠤᠯᠢ︾᠂ ︽ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ 762 ᠳ᠋ᠤᠭᠠᠷ ᠲᠣᠭᠠᠲᠤ | ᠵᠠᠷᠯᠢᠭ︶ ᠵᠢᠴᠢ ︽︿ᠵᠠᠰᠠᠭ ᠤᠨ ᠣᠷᠳᠣᠨ ᠠᠴᠠ ᠪᠡᠯᠡ ᠭᠠᠷᠭᠠᠭᠰᠠᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢᠨ | ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ | ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠦᠨ ᠤ ᠲᠣᠭᠲᠠᠭᠠᠯ ﹇2016﹈ 2800 ᠳ᠋ᠤᠭᠠᠷ ᠲᠣᠭᠠᠲᠤ︶᠂ ︽︿ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠲᠦᠷ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ | ᠶᠠᠮᠤᠨ ᠤ ᠮᠡᠳᠡᠭᠳᠡᠯ︾ ︵ᠡᠳ᠋ ᠲᠥᠰᠥᠪ ﹇2015﹈ 210 ᠳ᠋ᠤᠭᠠᠷ ᠲᠣᠭᠠᠲᠤ︶᠂ ᠡᠳ᠋ ᠤᠨ ᠵᠠᠰᠠᠭ ᠤᠨ ᠶᠠᠮᠤᠨ ᠤ ︽ᠵᠠᠰᠠᠭ ᠤᠨ ᠣᠷᠳᠣᠨ ᠤ ᠪᠡᠯᠡ | ᠣᠷᠤᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ ᠴᠢᠩᠭᠠᠳᠬᠠᠵᠤ ᠡᠳ᠋ ᠤᠨ ᠵᠠᠰᠠᠭ ᠤᠨ ᠪᠡᠯᠡ ᠭᠠᠷᠭᠠᠭᠰᠠᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ | ᠮᠡᠳᠡᠭᠳᠡᠯ︾ ︵ᠡᠳ᠋ ᠲᠥᠰᠥᠪ ﹇2020﹈ 7 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠡᠳᠡᠭ ᠨᠢ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠰᠥᠪ ᠤᠨ ᠲᠣᠬᠢᠷᠠᠭᠤᠯᠤᠯᠲᠠ ᠪᠠᠷ ᠳᠠᠮᠵᠢᠭᠤᠯᠤᠨ᠂ ᠲᠤᠰᠠᠭᠠᠷ ᠪᠡᠯᠡ ᠭᠠᠷᠭᠠᠬᠤ | ᠪᠤᠶᠤ ᠨᠡᠶᠢᠭᠡᠮ ᠤᠨ ᠬᠥᠷᠥᠩᠭᠡ ᠯᠦᠭᠡ ᠬᠠᠮᠲᠤ ᠪᠠᠷ ᠪᠡᠯᠡ ᠭᠠᠷᠭᠠᠵᠤ ᠪᠠᠶᠢᠭᠤᠯᠤᠨ᠂ ᠨᠡᠶᠢᠭᠡᠮ ᠤᠨ ᠡᠯ᠎ᠡ ᠲᠥᠷᠥᠯ ᠤᠨ ᠬᠥᠷᠥᠩᠭᠡ ᠶᠢ ᠬᠥᠲᠥᠯᠥᠨ ᠵᠢᠯᠤᠭᠤᠳᠴᠤ | ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠣᠭᠠᠨ ᠳᠤ ᠪᠡᠯᠡ ᠣᠷᠣᠭᠤᠯᠤᠨ᠂ ᠬᠠᠮᠢᠶ᠎ᠠ ᠪᠦᠬᠦᠢ ᠠᠵᠤ | ᠦᠢᠯᠡᠰ ᠪᠠ ᠬᠦᠷᠢᠶ᠎ᠡ ᠴᠠᠷᠠᠭᠠᠨ ᠤ ᠬᠥᠭᠵᠢᠯᠲᠡ ᠶᠢ ᠳᠡᠮᠵᠢᠵᠦ᠂ ᠭᠤᠣᠯᠳᠠᠭᠤ ᠵᠠᠬ᠎ᠠ ᠳᠤ ᠢᠯᠡ ᠪᠠᠷ ᠦᠯᠦ ᠭᠠᠷᠭᠠᠵᠤ ᠠᠷᠠᠯᠵᠢᠶᠠᠯᠠᠬᠤ ᠠᠵᠤ ᠠᠬᠤᠶᠢᠯᠠᠯ ᠤᠨ | ᠰᠲ᠋ᠣᠺ ᠤᠨ ᠡᠷᠬᠡ ᠳᠤ ᠪᠡᠯᠡ ᠣᠷᠤᠭᠤᠯᠬᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠ ᠦᠢᠯᠡᠰ ᠪᠣᠰᠬᠠᠬᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠵᠢᠭᠠᠵᠤ ᠪᠤᠶ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠭᠠᠷᠭᠠᠭᠰᠠᠨ ᠪᠡᠯᠡ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠩ ᠤᠨ ᠣᠯᠠᠨ ᠨᠡᠶᠢᠲᠡ ᠶᠢᠨ ᠲᠥᠰᠥᠪ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ | ᠲᠥᠰᠥᠪ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠵᠡᠷᠭᠡ ᠪᠠᠷ ᠳᠠᠮᠵᠢᠭᠤᠯᠤᠨ ᠰᠢᠭᠤᠳ ᠲᠣᠬᠢᠷᠠᠭᠤᠯᠤᠭᠰᠠᠨ ᠡᠳ᠋ ᠤᠨ ᠵᠠᠰᠠᠭ ᠤᠨ | ᠪᠡᠯᠡ ᠮᠥᠩᠭᠦ ᠶᠢ ᠵᠢᠭᠠᠵᠤ ᠪᠤᠶ᠃ | ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠺᠣᠮᠫᠠᠨᠢ ᠶᠢᠨ ᠳᠦᠷᠢᠮᠲᠦ᠂ ᠬᠢᠵᠠᠭᠠᠷᠲᠠᠢ ᠬᠤᠷᠰᠢᠯᠲᠠ ᠶᠢᠨ | ᠳᠦᠷᠢᠮᠲᠦ᠂ ᠭᠡᠷ᠎ᠡ ᠶᠢᠨ ᠳᠦᠷᠢᠮᠲᠦ ᠵᠡᠷᠭᠡ ᠵᠣᠬᠢᠶᠠᠨ ᠪᠠᠶᠢᠭᠤᠯᠬᠤ ᠬᠡᠯᠪᠡᠷᠢ ᠶᠢ ᠠᠪᠴᠤ ᠪᠣᠯᠣᠨ᠎ᠠ᠃ | ᠲᠠᠪᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ᠂ | ᠴᠢᠳᠠᠯ ᠤᠨ ᠬᠢᠷᠢ ᠪᠠᠷ ᠢᠶᠠᠨ ᠬᠢᠬᠦ ᠪᠠ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠲᠤᠰᠬᠠᠶᠢᠵᠢᠭᠤᠯᠤᠨ ᠬᠠᠮᠢᠶᠠᠷᠬᠤ ᠵᠠᠷᠴᠢᠮ ᠢ ᠪᠠᠷᠢᠮᠲᠠᠯᠠᠨ᠂ ᠪᠠᠶᠢᠭᠤᠯᠬᠤ ᠲᠤᠭ᠎ᠠ | ᠬᠡᠮᠵᠢᠶ᠎ᠡ ᠶᠢ ᠨᠢ ᠴᠢᠩᠭ᠎ᠠ ᠬᠢᠵᠠᠭᠠᠷᠯᠠᠵᠤ᠂ ᠪᠠᠶᠢᠭᠤᠯᠬᠤ ᠬᠡᠪᠴᠢᠶ᠎ᠡ ᠶᠢ ᠨᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠶᠢ ᠨᠢᠭᠡᠨᠲᠡ ᠪᠠᠶᠢᠭᠤᠯᠤᠭᠰᠠᠨ ᠬᠦᠷᠢᠶ᠎ᠡ ᠴᠠᠷᠠᠭᠠᠨ ᠳᠤ ᠵᠠᠷᠴᠢᠮ ᠳᠡᠭᠡᠷ᠎ᠡ ᠪᠠᠨ ᠳᠠᠬᠢᠵᠤ ᠡᠳ᠋ ᠤᠨ ᠵᠠᠰᠠᠭ ᠤᠨ ᠲᠤᠰᠬᠠᠢ | ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠦᠭᠡᠢ᠃ | ᠵᠢᠷᠭᠤᠳᠤᠭᠠᠷ ᠵᠦᠢᠯ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢ ᠳᠠᠩᠰᠠᠯᠠᠨ ᠲᠡᠮᠳᠡᠭᠯᠡᠵᠦ ᠬᠠᠮᠢᠶᠠᠷᠬᠤ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ | ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ ᠬᠢᠵᠦ᠂ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠳᠤ ᠲᠦᠰᠢᠭᠯᠡᠨ ᠠᠵᠢᠯ ᠶᠠᠪᠤᠳᠠᠯ ᠤᠨ | ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠬᠢᠨ᠎ᠡ᠃ | ᠳᠣᠯᠣᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦ ᠪᠠᠶᠢᠭᠤᠯᠬᠤ᠂ ᠪᠡᠯᠡ ᠮᠥᠩᠭᠦ ᠨᠡᠮᠡᠭᠳᠡᠭᠦᠯᠬᠦ ᠪᠠᠷ ᠪᠠᠶᠢᠭ᠎ᠠ | ᠵᠠᠰᠠᠭ ᠤᠨ ᠣᠷᠳᠣᠨ ᠤ ᠣᠷᠣᠭᠤᠯᠤᠯᠲᠠ ᠬᠢᠬᠦ ᠴᠢᠳᠠᠪᠤᠷᠢ ᠶᠢ ᠨᠢ ᠦᠨᠡᠯᠡᠵᠦ ᠬᠢᠨᠠᠨ ᠬᠠᠷᠭᠤᠭᠤᠯᠤᠨ᠂ ᠲᠤᠰ ᠭᠠᠵᠠᠷ ᠣᠷᠣᠨ ᠤ ᠪᠠᠨ ᠡᠳ᠋ ᠤᠨ ᠬᠦᠴᠦᠨ ᠤ | ᠪᠠᠶᠢᠳᠠᠯ ᠲᠠᠢ ᠤᠶᠠᠯᠳᠤᠭᠤᠯᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠠᠬᠢ ᠵᠠᠰᠠᠭ ᠤᠨ ᠣᠷᠳᠣᠨ ᠤ ᠪᠡᠯᠡ ᠭᠠᠷᠭᠠᠬᠤ | ᠬᠡᠪᠴᠢᠶᠡᠵᠢᠯ ᠵᠢᠴᠢ ᠪᠡᠯᠡ ᠮᠥᠩᠭᠦᠨ ᠤ ᠢᠷᠡᠯᠲᠡ ᠶᠢ ᠨᠢ ᠲᠣᠭᠲᠠᠭᠠᠬᠤ ᠶᠢᠨ ᠬᠠᠮᠲᠤ ᠰᠠᠭᠤᠷᠢ ᠮᠥᠩᠭᠦᠨ ᠤ ᠲᠥᠰᠥᠪ ᠤᠨ ᠲᠣᠬᠢᠷᠠᠭᠤᠯᠤᠯᠲᠠ ᠶᠢᠨ ᠬᠠᠮᠢᠶ᠎ᠠ ᠪᠦᠬᠦᠢ | ᠵᠦᠢᠯᠡᠰ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠵᠦ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠠᠷᠠᠳ ᠤᠨ | ᠵᠠᠰᠠᠭ ᠤᠨ ᠣᠷᠳᠣᠨ ᠠᠴᠠ ᠡᠷᠬᠡ ᠣᠯᠭᠤᠭᠰᠠᠨ ᠪᠤᠶᠤ ᠭᠡᠷ᠎ᠡ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠵᠠᠰᠠᠭ ᠤᠨ ᠣᠷᠳᠣᠨ ᠤ ᠪᠡᠯᠡ | ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠬᠦ ᠶᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠠᠭᠤᠷᠢ | ᠮᠥᠩᠭᠦᠨ ᠤ ᠪᠦᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠶᠢ | ᠵᠣᠬᠢᠶᠠᠨ ᠪᠠᠶᠢᠭᠤᠯᠵᠤ ᠥᠷᠨᠢᠭᠦᠯᠬᠦ ᠠᠵᠢᠯ ᠢ ᠬᠠᠷᠢᠭᠤᠴᠠᠨ᠎ᠠ︔ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠥᠷᠢ | ᠥᠭᠴᠡᠭᠡ ᠶᠢᠨ ᠲᠦᠭᠰᠢᠭᠦᠷᠢ ᠶᠢᠨ ᠰᠡᠷᠭᠡᠶᠢᠯᠡᠯᠲᠡ ᠡᠵᠡᠮᠳᠡᠯ ᠢ ᠴᠢᠩᠭᠠᠳᠬᠠᠬᠤ ᠠᠵᠢᠯ ᠢ ᠬᠠᠷᠢᠭᠤᠴᠠᠨ᠎ᠠ︔ ᠲᠤᠰ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠳᠠᠭᠤᠰᠬᠤ ᠦᠶ᠎ᠡ ᠳᠤ᠂ ᠰᠠᠭᠤᠷᠢ ᠮᠥᠩᠭᠦᠨ ᠤ ᠪᠡᠯᠡ ᠬᠥᠷᠥᠩᠭᠡ ᠶᠢ ᠲᠣᠭᠠᠴᠠᠯᠠᠨ ᠪᠤᠳᠤᠬᠤ ᠠᠵᠢᠯ ᠳᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ | ᠨᠠᠢᠮᠠᠳᠤᠭᠠᠷ ᠵᠦᠢᠯ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠰᠠᠭᠤᠷᠢ ᠮᠥᠩᠭᠦ ᠡᠭᠦᠰᠬᠡᠨ ᠪᠠᠶᠢᠭᠤᠯᠬᠤ ᠪᠣᠯᠣᠮᠵᠢᠲᠤ ᠲᠥᠰᠥᠯ ᠢ ᠲᠣᠭᠲᠠᠭᠠᠬᠤ ᠶᠢ | ᠬᠠᠷᠢᠭᠤᠴᠠᠨ᠎ᠠ︔ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠬᠤ᠂ ᠠᠷᠠᠴᠢᠯᠠᠵᠤ ᠬᠠᠮᠠᠭᠠᠯᠠᠬᠤ ᠪᠠ ᠲᠥᠷᠥᠯ ᠵᠦᠢᠯ ᠲᠠᠨᠢᠯᠴᠠᠭᠤᠯᠬᠤ ᠶᠢ | ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠵᠠᠷᠴᠢᠮ ᠳᠡᠭᠡᠷ᠎ᠡ ᠪᠠᠨ ᠬᠥᠮᠥᠷᠭᠡ ᠳᠤ ᠣᠷᠣᠭᠤᠯᠤᠭᠰᠠᠨ ᠲᠥᠷᠥᠯ | ᠵᠦᠢᠯ ᠳᠤ ᠤᠷᠢᠳ ᠢᠶᠠᠷ ᠣᠷᠣᠭᠤᠯᠵᠤ᠂ ᠲᠥᠷᠥᠯ ᠵᠦᠢᠯ ᠤᠨ ᠬᠥᠮᠥᠷᠭᠡ ᠳᠤ ᠡᠷᠭᠢᠯᠳᠦᠭᠦᠯᠦᠭᠰᠡᠨ ᠬᠠᠮᠢᠶᠠᠷᠤᠯᠲᠠ᠂ ᠬᠥᠳᠡᠯᠦᠩᠭᠦᠢ ᠲᠣᠬᠢᠷᠠᠭᠤᠯᠤᠯᠲᠠ ᠶᠢ | ᠬᠡᠷᠡᠭᠵᠢᠭᠦᠯᠦᠨ᠎ᠡ︔ ᠰᠠᠭᠤᠷᠢ ᠮᠥᠩᠭᠦ ᠣᠷᠣᠰᠢᠨ ᠦᠷᠭᠦᠯᠵᠢᠯᠡᠵᠦ ᠪᠠᠶᠢᠭ᠎ᠠ ᠬᠤᠭᠤᠴᠠᠭᠠᠨ ᠳᠠᠬᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ | ᠬᠠᠷᠢᠭᠤᠴᠠᠨ᠎ᠠ︔ ᠠᠵᠢᠯ ᠶᠠᠪᠤᠳᠠᠯ ᠠᠴᠠ ᠡᠮᠦᠨᠡᠬᠢ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠮᠵᠢᠯᠲᠠ ᠪᠦᠲᠦᠮᠵᠢ ᠶᠢᠨ ᠬᠠᠷᠠᠯᠲᠠ | ᠪᠠ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠠᠵᠢᠯ ᠥᠷᠨᠢᠭᠦᠯᠬᠦ ᠶᠢ ᠬᠠᠷᠢᠭᠤᠴᠠᠨ᠎ᠠ︔ ᠵᠢᠯ | ᠪᠦᠷᠢ ᠶᠢᠨ ᠡᠴᠦᠰ ᠲᠤ ᠰᠠᠭᠤᠷᠢ ᠮᠥᠩᠭᠦ ᠶᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠳᠤ ᠥᠪᠡᠰᠦᠪᠡᠨ ᠦᠨᠡᠯᠡᠯᠲᠡ ᠬᠢᠬᠦ ᠶᠢ ᠬᠠᠷᠢᠭᠤᠴᠠᠵᠤ᠂ ᠥᠪᠡᠰᠦᠪᠡᠨ | ᠦᠨᠡᠯᠡᠭᠰᠡᠨ ᠦᠷ᠎ᠡ ᠳ᠋ᠦᠩ ᠢᠶᠠᠨ ᠠᠳᠠᠯᠢ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠠ ᠪᠤᠰᠤᠳ ᠭᠤᠣᠯ ᠪᠣᠯᠬᠤ ᠪᠡᠯᠡ ᠭᠠᠷᠭᠠᠭᠴᠢ ᠳᠤ ᠮᠡᠳᠡᠭᠦᠯᠦᠨ | ᠬᠦᠷᠭᠡᠵᠦ ᠬᠢᠨᠠᠨ ᠬᠠᠷᠭᠤᠭᠤᠯᠤᠨ᠎ᠠ᠃ | ᠬᠤᠶᠠᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ | ᠶᠢᠰᠦᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠳᠤ᠂ ᠡᠩ ᠲᠡᠷᠢᠭᠦᠨ ᠳᠤ ᠡᠭᠦᠰᠬᠡᠨ ᠪᠠᠶᠢᠭᠤᠯᠬᠤ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ | ᠪᠣᠯᠣᠮᠵᠢᠲᠤ ᠴᠢᠨᠠᠷ ᠤᠨ ᠰᠤᠳᠤᠯᠤᠯ ᠨᠤᠲᠠᠯᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠣᠮᠵᠢᠲᠤ ᠲᠥᠰᠥᠯ ᠢ ᠪᠣᠶ ᠪᠣᠯᠭᠠᠬᠤ ᠬᠡᠷᠡᠭᠲᠡᠢ᠃ | ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠢᠰᠢ ᠪᠣᠯ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠪᠣᠯᠣᠮᠵᠢᠲᠤ ᠲᠥᠰᠥᠯ ᠢ ᠪᠣᠶ ᠪᠣᠯᠭᠠᠬᠤ ᠬᠡᠷᠡᠭᠲᠡᠢ᠃ | ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠣᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠᠷ | ᠭᠤᠶᠤᠴᠢᠯᠠᠬᠤ ᠴᠢᠬᠤᠯᠠ ᠪᠦᠬᠦᠢ ᠨᠥᠬᠦᠴᠡᠯ ᠪᠠᠶᠢᠵᠤ᠂ ᠵᠠᠷᠴᠢᠮ ᠳᠡᠭᠡᠷ᠎ᠡ ᠪᠠᠨ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠪᠠᠶᠢᠭᠤᠯᠤᠭᠰᠠᠨ ᠦᠭᠡᠢ ᠪᠣᠯ | ᠰᠠᠭᠤᠷᠢ ᠮᠥᠩᠭᠦ ᠪᠠᠶᠢᠭᠤᠯᠬᠤ ᠭᠤᠶᠤᠴᠢᠯᠠᠯ ᠳᠤᠷᠠᠳᠴᠤ ᠪᠣᠯᠬᠤ ᠦᠭᠡᠢ᠃ | ᠠᠷᠪᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠪᠣᠯᠣᠮᠵᠢᠲᠤ ᠲᠥᠰᠥᠯ ᠳᠤ ᠳᠣᠣᠷᠠᠬᠢ ᠠᠭᠤᠯᠭ᠎ᠠ ᠶᠢ | ᠪᠠᠭᠲᠠᠭᠠᠬᠤ ᠬᠡᠷᠡᠭᠲᠡᠢ᠄ | ︵ᠨᠢᠭᠡ︶ ᠰᠠᠭᠤᠷᠢ ᠮᠥᠩᠭᠦ ᠪᠠᠶᠢᠭᠤᠯᠬᠤ ᠪᠣᠯᠣᠮᠵᠢᠲᠤ ᠵᠠᠳᠠᠯᠤᠯᠲᠠ ᠶᠢᠨ ᠮᠡᠳᠡᠭᠦᠯᠦᠯᠲᠡ︔ | ︵ᠬᠤᠶᠠᠷ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠤᠯᠢ ᠳᠤ | ᠥᠷᠢᠰᠦᠯᠳᠦᠬᠦ ᠲᠥᠰᠦᠯ︔ | ︵ᠭᠤᠷᠪᠠ︶ ᠰᠠᠭᠤᠷᠢ ᠮᠥᠩᠭᠦ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ︔ | ︵ᠳᠥᠷᠪᠡ︶ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ︔ | ︵ᠲᠠᠪᠤ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠪᠤᠶᠤ ᠰᠠᠭᠤᠷᠢ ᠮᠥᠩᠭᠦᠨ ᠤ ᠵᠥᠪᠯᠡᠯᠴᠡᠭᠡᠷ᠂ ᠭᠡᠷ᠎ᠡ ᠵᠡᠷᠭᠡ︔ | ︵ᠵᠢᠷᠭᠤᠭ᠎ᠠ︶ ᠠᠵᠢᠯ ᠲᠥᠷᠥᠯ ᠤᠨ ᠲᠥᠷᠥᠯ ᠵᠦᠢᠯ ᠤᠨ ᠬᠥᠮᠥᠷᠭᠡ ᠶᠢᠨ ᠪᠡᠯᠡᠳᠬᠡᠯ ᠲᠥᠷᠥᠯ ᠵᠦᠢᠯ ᠤᠨ ᠨᠠᠷᠢᠨ ᠬᠠᠭᠤᠳᠠᠰᠤ︔ | ︵ᠳᠤᠯᠤᠭ᠎ᠠ︶ ᠪᠤᠰᠤᠳ ᠮᠠᠲ᠋ᠧᠷᠢᠶᠠᠯ᠃ | ᠠᠷᠪᠠᠨ ᠨᠢᠭᠡᠳᠦᠭᠡᠷ ᠵᠦᠢᠯ ᠰᠠᠭᠤᠷᠢ ᠮᠥᠩᠭᠦ ᠶᠢ ᠪᠠᠶᠢᠭᠤᠯᠬᠤ ᠪᠣᠯᠣᠮᠵᠢᠲᠤ ᠵᠠᠳᠠᠯᠤᠯᠲᠠ ᠶᠢᠨ ᠮᠡᠳᠡᠭᠦᠯᠦᠯᠲᠡ ᠶᠢᠨ ᠠᠭᠤᠯᠭ᠎ᠠ ᠳᠤ᠄ ᠰᠠᠭᠤᠷᠢ ᠮᠥᠩᠭᠦᠨ ᠤ | ᠨᠡᠷᠡᠶᠢᠳᠦᠯ᠂ ᠪᠠᠶᠢᠭᠤᠯᠬᠤ ᠠᠬᠤᠢ ᠪᠠᠶᠢᠳᠠᠯ᠂ ᠪᠠᠶᠢᠭᠤᠯᠬᠤ ᠶᠢᠨ ᠴᠢᠬᠤᠯᠠ ᠪᠦᠬᠦᠢ ᠴᠢᠨᠠᠷ ᠪᠠ ᠦᠨᠳᠦᠰᠦᠯᠡᠯ᠂ ᠰᠠᠭᠤᠷᠢ ᠮᠥᠩᠭᠦ ᠶᠢᠨ ᠪᠠᠶᠢᠭᠤᠯᠬᠤ ᠠᠵᠢᠯ ᠳᠤ | ᠣᠷᠤᠯᠴᠠᠬᠤ ᠡᠯ᠎ᠡ ᠲᠠᠯ᠎ᠠ ᠶᠢᠨ ᠦᠨᠳᠦᠰᠦᠨ ᠪᠠᠶᠢᠳᠠᠯ᠂ ᠵᠠᠰᠠᠯᠲᠠ ᠶᠢᠨ ᠪᠦᠲᠦᠴᠡ ᠪᠠ ᠵᠣᠬᠢᠶᠠᠨ ᠪᠠᠶᠢᠭᠤᠯᠤᠯᠲᠠ ᠶᠢᠨ ᠪᠦᠷᠢᠯᠳᠦᠴᠡ᠂ ᠲᠦᠷᠦ ᠶᠢᠨ ᠪᠣᠳᠣᠯᠭ᠎ᠠ ᠶᠢᠨ | ᠬᠠᠷᠠᠯᠲᠠ᠂ ᠠᠮᠵᠢᠯᠲᠠ ᠪᠦᠲᠦᠮᠵᠢ ᠶᠢᠨ ᠬᠠᠷᠠᠯᠲᠠ᠂ ᠪᠡᠯᠡ ᠣᠷᠣᠭᠤᠯᠤᠯᠲᠠ ᠬᠢᠬᠦ ᠠᠵᠤ ᠦᠢᠯᠡᠰ ᠤᠨ ᠬᠦᠷᠢᠶ᠎ᠡ᠂ ᠬᠠᠷᠠᠯᠲᠠ ᠶᠢᠨ ᠬᠡᠪᠴᠢᠶᠡᠵᠢᠯ᠂ ᠪᠡᠯᠡ | ᠴᠤᠭᠯᠠᠭᠤᠯᠬᠤ ᠲᠥᠯᠥᠪᠯᠡᠭᠡ᠂ ᠪᠡᠯᠡ ᠭᠠᠷᠭᠠᠬᠤ ᠲᠥᠰᠥᠯ᠂ ᠪᠡᠯᠡ ᠭᠠᠷᠭᠠᠬᠤ ᠠᠮᠠᠯᠠᠯᠲᠠ᠂ ᠪᠡᠯᠡ ᠣᠷᠣᠭᠤᠯᠬᠤ ᠠᠷᠭ᠎ᠠ ᠮᠠᠶ᠋ᠢᠭ᠂ ᠣᠷᠣᠰᠢᠨ ᠦᠷᠭᠦᠯᠵᠢᠯᠡᠬᠦ ᠴᠠᠭ | ᠬᠤᠭᠤᠴᠠᠭ᠎ᠠ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ᠂ ᠤᠷᠮᠠᠰᠢᠭᠤᠯᠬᠤ ᠲᠣᠭᠲᠠᠴᠠ᠂ ᠲᠦᠭᠰᠢᠭᠦᠷᠢ ᠶᠢᠨ ᠰᠡᠷᠭᠡᠶᠢᠯᠡᠯᠲᠡ᠂ ᠠᠯᠳᠠᠭ᠎ᠠ ᠪᠤᠷᠤᠭᠤ ᠶᠢ | ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ᠂ ᠪᠤᠴᠠᠭᠠᠵᠤ ᠭᠠᠷᠭᠠᠬᠤ ᠲᠣᠭᠲᠠᠴᠠ᠂ ᠬᠠᠮᠢᠶᠠᠷᠤᠯᠲᠠ ᠶᠢᠨ ᠵᠠᠷᠤᠳᠠᠯ ᠪᠠ ᠠᠰᠢᠭ ᠣᠷᠣᠯᠭ᠎ᠠ ᠶᠢᠨ | ᠬᠤᠪᠢᠶᠠᠷᠢᠯᠠᠯᠲᠠ᠂ ᠨᠡᠶᠢᠭᠡᠮ ᠤᠨ ᠬᠥᠷᠥᠩᠭᠡ ᠪᠠ ᠥᠷᠢᠰᠦᠯᠳᠦᠭᠡᠨ ᠤ ᠪᠠᠶᠢᠳᠠᠯ ᠳᠤ ᠦᠵᠡᠭᠦᠯᠬᠦ ᠨᠥᠯᠥᠭᠡᠨ ᠤ ᠵᠠᠳᠠᠯᠤᠯᠲᠠ᠂ ᠵᠢᠱᠢᠭᠰᠡᠨ ᠦᠷ᠎ᠡ ᠪᠦᠲᠦᠮᠵᠢ ᠵᠡᠷᠭᠡ ᠶᠢ | ᠪᠠᠭᠲᠠᠭᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ | ᠮᠥᠩᠭᠦ ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ ᠤᠨ ᠠᠭᠤᠯᠭ᠎ᠠ ᠳᠤ᠄ | ᠰᠣᠩᠭᠤᠭᠤᠯᠢ ᠳᠤ ᠥᠷᠢᠰᠦᠯᠳᠦᠬᠦ ᠬᠡᠯᠪᠡᠷᠢ ᠠᠷᠭ᠎ᠠ ᠮᠠᠶ᠋ᠢᠭ᠂ ᠰᠣᠩᠭᠤᠭᠤᠯᠢ ᠳᠤ ᠥᠷᠢᠰᠦᠯᠳᠦᠭᠴᠢ ᠶᠢᠨ ᠬᠢᠷᠢ ᠭᠡᠮ ᠤᠨ ᠨᠥᠬᠦᠴᠡᠯ᠂ ᠰᠣᠩᠭᠤᠭᠤᠯᠢ ᠶᠢᠨ | ᠥᠷᠢᠰᠦᠯᠳᠦᠭᠡᠨ ᠢ ᠦᠨᠡᠯᠡᠬᠦ ᠠᠷᠭ᠎ᠠ ᠵᠡᠷᠭᠡ ᠪᠠᠭᠲᠠᠨ᠎ᠠ᠃ ᠰᠣᠩᠭᠤᠭᠤᠯᠢ ᠶᠢᠨ ᠥᠷᠢᠰᠦᠯᠳᠦᠭᠡᠨ ᠢ ᠦᠨᠡᠯᠡᠬᠦ ᠠᠷᠭ᠎ᠠ ᠶᠢᠨ ᠠᠭᠤᠯᠭ᠎ᠠ ᠳᠤ ᠬᠠᠮᠢᠶᠠᠷᠤᠯᠲᠠ ᠶᠢᠨ | ᠵᠠᠷᠤᠳᠠᠯ ᠤᠨ ᠨᠣᠷᠮ᠎ᠠ᠂ ᠳᠠᠭᠠᠵᠤ ᠤᠷᠤᠭᠤᠯᠤᠯᠲᠠ ᠬᠢᠬᠦ ᠬᠠᠷᠢᠴᠠᠯ᠂ ᠠᠵᠢᠯ ᠤᠨ ᠠᠮᠵᠢᠯᠲᠠ ᠪᠦᠲᠦᠮᠵᠢ ᠵᠡᠷᠭᠡ ᠬᠦᠴᠦᠨ ᠵᠦᠢᠯ ᠢ ᠪᠠᠭᠲᠠᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ | ᠠᠳᠠᠯᠢ ᠨᠢᠭᠡᠨ ᠬᠦᠷᠢᠶ᠎ᠡ ᠪᠤᠶᠤ ᠠᠵᠢᠯ ᠲᠥᠷᠥᠯ ᠳᠤ ᠡᠬᠡ ᠰᠠᠭᠤᠷᠢ ᠮᠥᠩᠭᠦ ᠶᠢ ᠳᠠᠪᠬᠤᠷᠳᠠᠭᠤᠯᠤᠨ ᠪᠠᠶᠢᠭᠤᠯᠵᠤ ᠪᠣᠯᠬᠤ ᠦᠭᠡᠢ᠃ | ᠡᠳ᠋ ᠤᠨ ᠵᠠᠰᠠᠭ ᠠᠴᠠ ᠪᠡᠯᠡ ᠭᠠᠷᠭᠠᠵᠤ ᠰᠠᠭᠤᠷᠢ ᠮᠥᠩᠭᠦ ᠪᠠᠶᠢᠭᠤᠯᠬᠤ ᠪᠤᠶᠤ ᠪᠡᠯᠡ ᠮᠥᠩᠭᠦ ᠳᠠᠩᠰᠠᠯᠠᠭᠤᠯᠬᠤ ᠳᠤ ᠡᠷᠬᠡᠪᠰᠢ ᠴᠢᠩᠭ᠎ᠠ ᠬᠢᠨᠠᠨ ᠬᠠᠷᠭᠤᠭᠤᠯᠵᠤ᠂ | ᠣᠨ ᠤ ᠲᠥᠰᠥᠪ ᠤᠨ ᠬᠠᠮᠢᠶᠠᠷᠤᠯᠲᠠ ᠳᠤ ᠣᠷᠣᠭᠤᠯᠤᠨ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠡᠭᠦᠨ ᠤ ᠪᠠᠶᠢᠩᠭᠤ ᠶᠢᠨ | ᠬᠤᠷᠢᠶ᠎ᠠ ᠳᠤ ᠮᠡᠳᠡᠭᠦᠯᠦᠨ ᠬᠦᠷᠭᠡᠵᠦ ᠵᠥᠪᠰᠢᠶᠡᠷᠡᠭᠦᠯᠬᠦ ᠬᠡᠷᠡᠭᠲᠡᠢ︔ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠰᠠᠭᠤᠷᠢ ᠮᠥᠩᠭᠦᠨ ᠤ ᠪᠡᠯᠡ | ᠣᠷᠣᠭᠤᠯᠤᠯᠲᠠ ᠶᠢᠨ ᠠᠬᠢᠴᠠ ᠶᠢ ᠦᠨᠳᠦᠰᠦᠯᠡᠨ ᠣᠨ ᠬᠤᠪᠢᠶᠠᠨ ᠲᠣᠬᠢᠷᠠᠭᠤᠯᠬᠤ ᠬᠡᠷᠡᠭᠲᠡᠢ᠃ ᠰᠠᠭᠤᠷᠢ ᠮᠥᠩᠭᠦ ᠪᠠᠶᠢᠭᠤᠯᠬᠤ ᠳᠤ ᠡᠳ᠋ ᠤᠨ ᠵᠠᠰᠠᠭ ᠤᠨ ᠳᠠᠭᠠᠭᠠᠬᠤ | ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠰᠠᠭᠤᠷᠢ ᠮᠥᠩᠭᠦᠨ ᠤ ᠬᠡᠪᠴᠢᠶᠡᠵᠢᠯ ᠪᠣᠯᠣᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠵᠦᠢ ᠵᠣᠬᠢᠰᠲᠠᠢ ᠲᠣᠭᠲᠠᠭᠠᠬᠤ | ᠬᠡᠷᠡᠭᠲᠡᠢ᠃ ᠣᠨ ᠤ ᠲᠥᠰᠥᠪ ᠤᠨ ᠳᠣᠲᠣᠷ᠎ᠠ᠂ ︽ᠭᠤᠷᠪᠠ ᠶᠢ ᠪᠠᠲᠤᠯᠠᠬᠤ︾᠂ ᠥᠷᠢ ᠥᠭᠴᠡᠭᠡᠨ ᠤ ᠬᠦᠦ ᠮᠥᠩᠭᠦ ᠶᠢ ᠲᠥᠯᠥᠬᠦ ᠵᠡᠷᠭᠡ ᠵᠠᠪᠠᠯ ᠪᠠᠲᠤᠯᠠᠬᠤ | ᠵᠠᠷᠤᠯᠭ᠎ᠠ ᠶᠢ ᠲᠤᠭ᠎ᠠ ᠶᠣᠰᠣᠭᠠᠷ ᠭᠦᠢᠴᠡᠳ ᠪᠠᠲᠤᠯᠠᠭᠰᠠᠨ ᠦᠭᠡᠢ ᠭᠠᠵᠠᠷ ᠣᠷᠣᠨ ᠳᠤ ᠪᠡᠯᠡ ᠮᠥᠩᠭᠦ ᠲᠣᠬᠢᠷᠠᠭᠤᠯᠤᠨ ᠰᠠᠭᠤᠷᠢ ᠮᠥᠩᠭᠦ ᠶᠢ ᠰᠢᠨ᠎ᠡ ᠪᠠᠷ ᠪᠠᠶᠢᠭᠤᠯᠵᠤ | ᠪᠣᠯᠬᠤ ᠦᠭᠡᠢ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠪᠡᠯᠡ | ᠭᠠᠷᠭᠠᠵᠤ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠲᠣᠭᠲᠠᠭᠠᠯ ᠶᠣᠰᠣᠭᠠᠷ ᠤᠯᠤᠰ ᠤᠨ ᠡᠯ᠎ᠡ ᠶᠠᠮᠤᠨ ᠵᠥᠪᠯᠡᠯ | ᠪᠤᠶᠤ ᠰᠢᠭᠤᠳ ᠬᠠᠷᠢᠶ᠎ᠠ ᠪᠠᠶᠢᠭᠤᠯᠤᠮᠵᠢ ᠶᠢᠨ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠬᠡ ᠰᠠᠭᠤᠷᠢ | ᠮᠥᠩᠭᠦ ᠶᠢ ᠨᠢ ᠴᠢᠷᠮᠠᠶᠢᠨ ᠣᠯᠵᠤ ᠪᠠᠶᠢᠭᠠᠳ ᠪᠡᠯᠡ ᠣᠷᠣᠭᠤᠯᠬᠤ᠂ ᠬᠤᠪᠢ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ | ᠪᠠᠶᠢᠭᠤᠯᠵᠤ ᠪᠣᠯᠣᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠲᠤᠰ ᠭᠠᠵᠠᠷ ᠣᠷᠣᠨ ᠤ ᠪᠠᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠲᠤᠭ᠎ᠠ ᠬᠡᠮᠵᠢᠶ᠎ᠡ ᠶᠢ ᠬᠢᠵᠠᠭᠠᠷᠯᠠᠵᠤ ᠪᠣᠯᠣᠨ᠎ᠠ᠃ | ᠠᠷᠪᠠᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠂ | ᠰᠠᠯᠠᠭ᠎ᠠ ᠮᠥᠴᠢᠷ ᠠᠩᠬᠠᠨ ᠤ ᠬᠢᠨᠠᠯᠲᠠ ᠬᠢᠬᠦ᠂ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠪᠠᠶᠢᠭᠤᠯᠤᠨ᠎ᠠ᠃ | ︵ᠨᠢᠭᠡ︶ ᠭᠠᠷᠭᠠᠭᠰᠠᠨ ᠪᠡᠯᠡ ᠶᠢ ᠨᠢ ᠨᠤᠲᠠᠯᠠᠨ ᠲᠣᠭᠲᠠᠭᠠᠬᠤ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠪᠡᠯᠡ ᠮᠥᠩᠭᠦ ᠬᠡᠷᠡᠭᠰᠡᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠰᠠᠭ ᠤᠨ | ᠣᠷᠳᠣᠨ ᠠᠴᠠ ᠪᠡᠯᠡ ᠭᠠᠷᠭᠠᠬᠤ ᠲᠣᠬᠢᠷᠠᠭᠤᠯᠤᠯᠲᠠ ᠶᠢ ᠨᠤᠲᠠᠯᠠᠨ ᠲᠣᠭᠲᠠᠭᠠᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠢᠨ ᠠᠩᠬᠠᠨ ᠤ ᠬᠢᠨᠠᠯᠲᠠ ᠬᠢᠬᠦ᠃ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠨᠢ ᠲᠤᠰ ᠱᠠᠲᠤᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ ᠳᠦᠷᠢᠮ ᠲᠣᠭᠲᠠᠭᠠᠯ ᠵᠡᠷᠭᠡ ᠮᠡᠳᠡᠭᠦᠯᠦᠨ ᠵᠥᠪᠰᠢᠶᠡᠷᠡᠭᠦᠯᠬᠦ | ᠮᠠᠲ᠋ᠧᠷᠢᠶᠠᠯ ᠢᠶᠠᠨ ᠳᠡᠪᠰᠢᠭᠦᠯᠦᠨ ᠲᠤᠰᠢᠶᠠᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠰᠠᠭᠤᠷᠢ ᠮᠥᠩᠭᠦᠨ ᠤ ᠪᠡᠯᠡ | ᠣᠷᠣᠭᠤᠯᠤᠯᠲᠠ ᠶᠢᠨ ᠬᠦᠷᠢᠶᠡᠨ ᠤ ᠠᠵᠤ ᠦᠢᠯᠡᠰ ᠤᠨ ᠲᠣᠭᠲᠠᠭᠠᠯ ᠳᠤ ᠨᠡᠶᠢᠴᠡᠬᠦ ᠴᠢᠨᠠᠷ ᠪᠣᠯᠣᠨ ᠮᠡᠳᠡᠭᠦᠯᠦᠨ ᠵᠥᠪᠰᠢᠶᠡᠷᠡᠭᠦᠯᠬᠦ ᠮᠠᠲ᠋ᠧᠷᠢᠶᠠᠯ ᠤᠨ ᠪᠦᠷᠢᠨ ᠭᠦᠢᠴᠡᠳ | ᠴᠢᠨᠠᠷ ᠲᠤ ᠠᠩᠬᠠᠨ ᠤ ᠬᠢᠨᠠᠯᠲᠠ ᠬᠢᠬᠦ ᠬᠡᠷᠡᠭᠲᠡᠢ᠃ ᠴᠢᠬᠤᠯᠠ ᠲᠠᠢ ᠦᠶ᠎ᠡ ᠳᠤ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠨᠤᠲᠠᠯᠠᠯᠲᠠ ᠳᠤ | ᠣᠷᠣᠯᠴᠠᠭᠤᠯᠵᠤ ᠪᠣᠯᠣᠨ᠎ᠠ᠃ | ︵ᠭᠤᠷᠪᠠ︶ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠤᠶᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠰᠠᠭᠤᠷᠢ ᠮᠥᠩᠭᠦ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠵᠦ | ᠵᠥᠪᠰᠢᠶᠡᠷᠡᠭᠦᠯᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠯ᠎ᠡ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ ᠪᠠᠶᠢᠭᠤᠯᠤᠮᠵᠢ ᠶᠢᠨ ᠵᠠᠰᠠᠭ ᠤᠨ ᠣᠷᠳᠣᠨ ᠤ ᠪᠡᠯᠡ ᠭᠠᠷᠭᠠᠵᠤ ᠪᠠᠶᠢᠭᠤᠯᠤᠭᠰᠠᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠢ | ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠡᠭᠦᠨ ᠳᠤ ᠳᠣᠣᠷᠠᠬᠢ ᠪᠠᠶᠢᠳᠠᠯ ᠢ ᠪᠠᠭᠲᠠᠭᠠᠬᠤ ᠦᠭᠡᠢ᠄ | ︵ᠨᠢᠭᠡ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ | ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 50 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ | ᠭᠠᠳᠠᠭᠠᠳᠤ ᠶᠢᠨ ᠵᠣᠭᠤᠰ︶ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠮᠡᠳᠡᠭᠦᠯᠦᠨ ᠬᠦᠷᠭᠡᠵᠦ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠪᠠ ᠠᠵᠤ ᠦᠢᠯᠡᠰ ᠤᠨ | ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠲᠠ ᠬᠢᠯᠭᠡᠨ᠎ᠡ︔ | ︵ᠬᠤᠶᠠᠷ︶ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ | ᠪᠠᠶᠢᠭᠤᠯᠤᠮᠵᠢ ᠶᠢᠨ ᠭᠠᠷᠭᠠᠭᠰᠠᠨ ᠪᠡᠯᠡ ᠶᠢᠨ ᠲᠤᠭ᠎ᠠ ᠨᠢ ᠠᠷᠠᠳ ᠤᠨ ᠵᠣᠭᠤᠰ ᠢᠶᠠᠷ 50 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ | ᠭᠠᠳᠠᠭᠠᠳᠤ ᠶᠢᠨ ᠵᠣᠭᠤᠰ︶ ᠠᠴᠠ ᠳᠣᠣᠷ᠎ᠠ᠂ ᠠᠷᠠᠳ ᠤᠨ ᠵᠣᠭᠤᠰ ᠢᠶᠠᠷ 20 ᠳ᠋ᠦᠩᠰᠢᠭᠤᠷ ᠲᠥᠭᠦᠷᠢᠭ ︵ᠪᠤᠶᠤ ᠲᠡᠩᠴᠡᠭᠦᠦ ᠥᠷᠲᠡᠭ ᠲᠠᠢ ᠭᠠᠳᠠᠭᠠᠳᠤ ᠶᠢᠨ | ᠵᠣᠭᠤᠰ︶ ᠵᠢᠴᠢ ᠲᠡᠭᠦᠨ ᠠᠴᠠ ᠳᠡᠭᠡᠭᠰᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠠᠵᠤ | ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠴᠢᠨᠠᠷ ᠪᠠ ᠳᠦᠷᠢᠮ ᠲᠣᠭᠲᠠᠭᠠᠯ ᠵᠡᠷᠭᠡ ᠮᠠᠲ᠋ᠧᠷᠢᠶᠠᠯ ᠤᠨ ᠪᠦᠷᠢᠨ ᠭᠦᠢᠴᠡᠳ ᠴᠢᠨᠠᠷ ᠲᠤ ᠬᠢᠨᠠᠨ ᠪᠠᠶᠢᠴᠠᠭᠠᠯᠲᠠ | ᠬᠢᠬᠦ ᠠᠵᠢᠯ ᠢ ᠬᠠᠷᠢᠭᠤᠴᠠᠨ᠎ᠠ᠃ | ᠠᠷᠪᠠᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠥᠯᠳᠡ ᠶᠢᠨ ᠰᠠᠭᠤᠷᠢ ᠮᠥᠩᠭᠦ ᠶᠢ ᠪᠠᠶᠢᠭᠤᠯᠬᠤ ᠪᠠᠷ ᠲᠣᠰ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠳᠤ ᠪᠠᠨ ᠳᠣᠣᠷᠠᠬᠢ ᠮᠡᠲ᠋ᠧᠷᠢᠶᠡᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠭᠤᠶᠤᠴᠢᠯᠠᠨ ᠪᠠᠶᠢᠭᠤᠯᠬᠤ ᠪᠠᠷ ᠵᠢᠭᠠᠪᠤᠷᠢ ᠠᠪᠬᠤ︔ | ︵ᠬᠤᠶᠠᠷ︶ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠪᠣᠯᠣᠮᠵᠢᠲᠤ ᠲᠥᠰᠦᠯ︔ | ︵ᠭᠤᠷᠪᠠ︶ ᠪᠤᠰᠤᠳ ᠮᠠᠲ᠋ᠧᠷᠢᠶᠠᠯ᠃ | ᠠᠷᠪᠠᠨ ᠳᠣᠯᠣᠳᠤᠭᠠᠷ ᠵᠦᠢᠯ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠰᠠᠭᠤᠷᠢ ᠮᠥᠩᠭᠦᠨ ᠤ ᠡᠬᠡ ᠰᠠᠭᠤᠷᠢ ᠮᠥᠩᠭᠦ ᠶᠢ ᠪᠠᠶᠢᠭᠤᠯᠬᠤ ᠳᠤ ᠡᠷᠬᠡᠪᠰᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ | ᠳᠠᠷᠠᠭ᠎ᠠ 30 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ | ᠳᠥᠷᠪᠡᠳᠦᠭᠡᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠴᠤᠭᠯᠠᠭᠤᠯᠬᠤ ᠪᠠ ᠳᠠᠩᠰᠠᠯᠠᠨ ᠲᠡᠮᠳᠡᠭᠯᠡᠵᠦ ᠬᠠᠮᠢᠶᠠᠷᠬᠤ | ᠠᠷᠪᠠᠨ ᠨᠠᠢᠮᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮ ᠤᠨ ᠪᠡᠯᠡ ᠮᠥᠩᠭᠦ ᠶᠢᠨ ᠬᠡᠰᠡᠭ ᠲᠤ ᠪᠣᠯ | ᠢᠯᠡ ᠪᠣᠯᠭᠠᠯᠲᠠ ᠶᠢᠨ ᠪᠤᠰᠤ ᠠᠷᠭ᠎ᠠ ᠮᠠᠶ᠋ᠢᠭ ᠠᠪᠴᠤ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠪᠠ ᠲᠦᠭᠰᠢᠭᠦᠷᠢ ᠶᠢ ᠳᠠᠭᠠᠭᠠᠬᠤ ᠴᠢᠳᠠᠪᠤᠷᠢ ᠲᠠᠢ ᠬᠢᠷᠢ | ᠲᠡᠩᠴᠡᠭᠰᠡᠨ ᠣᠨᠴᠠ ᠨᠢᠭᠡᠨ ᠪᠡᠯᠡ ᠣᠷᠣᠭᠤᠯᠤᠭᠴᠢ ᠳᠤ ᠬᠠᠨᠳᠤᠭᠤᠯᠤᠨ ᠵᠣᠭᠤᠰ ᠴᠤᠭᠯᠠᠭᠤᠯᠵᠤ᠂ ᠴᠤᠭᠯᠠᠭᠤᠯᠬᠤ ᠦᠢᠯᠡ ᠠᠵᠢᠯᠯᠠᠭ᠎ᠠ ᠨᠢ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠵᠢᠴᠢ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠣᠭᠲᠠᠭᠠᠯ ᠳᠤ ᠨᠡᠶᠢᠴᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠷᠢᠶ᠎ᠠ | ᠪᠠᠶᠢᠭᠤᠯᠤᠮᠵᠢ ᠠᠴᠠ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠴᠤᠭᠯᠠᠭᠤᠯᠵᠤ ᠳᠠᠭᠤᠰᠤᠭᠰᠠᠨ ᠤ ᠳᠠᠷᠠᠭ᠎ᠠ 20 | ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠠᠴᠠ ᠪᠦᠬᠦ ᠤᠯᠤᠰ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠳᠤ ᠳᠠᠩᠰᠠᠯᠠᠭᠤᠯᠬᠤ ᠬᠡᠷᠡᠭᠲᠡᠢ᠃ | ᠬᠤᠷᠢᠳᠤᠭᠠᠷ ᠵᠦᠢᠯ ᠬᠤᠪᠢ ᠪᠠᠷ ᠢᠶᠠᠨ ᠵᠣᠭᠤᠰ ᠴᠤᠭᠯᠠᠭᠤᠯᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠬᠡᠯᠪᠡᠷᠢ ᠪᠠᠷ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠬᠢᠵᠦ ᠪᠠᠶᠢᠭ᠎ᠠ ᠰᠠᠭᠤᠷᠢ ᠮᠥᠩᠭᠦ ᠶᠢ ᠴᠤᠭᠯᠠᠭᠤᠯᠵᠤ | ᠳᠠᠭᠤᠰᠤᠭᠰᠠᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠠᠴᠠ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯ ᠲᠦᠷᠦᠯ ᠤᠨ ᠨᠡᠶᠢᠭᠡᠮᠯᠢᠭ ᠲᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠰᠠᠭᠤᠷᠢ ᠮᠥᠩᠭᠦ ᠶᠢ | ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠡᠯᠡ ᠭᠠᠷᠭᠠᠵᠤ ᠪᠠᠶᠢᠭᠤᠯᠤᠭᠰᠠᠨ ᠵᠠᠰᠠᠭ ᠤᠨ | ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠨ | ᠲᠡᠮᠳᠡᠭᠯᠡᠭᠦᠯᠦᠭᠰᠡᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ᠂ ᠰᠠᠭᠤᠷᠢ ᠮᠥᠩᠭᠦ ᠬᠠᠮᠢᠶᠠᠷᠤᠭᠴᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠡᠳ᠋ ᠤᠨ ᠵᠠᠰᠠᠭ ᠤᠨ ᠶᠠᠮᠤᠨ ᠤ ᠨᠢᠭᠡᠳᠦᠯᠲᠡᠢ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠤᠨ ᠳᠠᠩᠰᠠᠨ ᠤ ᠳ᠋ᠤᠭᠠᠷ ᠢ ᠭᠤᠶᠤᠴᠢᠯᠠᠬᠤ ᠬᠡᠷᠡᠭᠲᠡᠢ᠃ | ᠭᠤᠶᠤᠴᠢᠯᠠᠯ ᠪᠠᠲᠤᠯᠠᠭᠳᠠᠭᠰᠠᠨ ᠤ ᠳᠠᠷᠠᠭ᠎ᠠ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠤᠯᠠᠷᠢᠯ ᠪᠦᠷᠢ ᠶᠢᠨ | ᠳᠠᠭᠤᠰᠤᠭᠰᠠᠨ ᠤ ᠳᠠᠷᠠᠭᠠᠬᠢ 15 ᠡᠳᠦᠷ ᠤᠨ ᠳᠣᠲᠣᠷ᠎ᠠ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ ᠡᠬᠡ ᠬᠦᠦ ᠰᠠᠭᠤᠷᠢ ᠮᠥᠩᠭᠦᠨ ᠤ | ᠪᠦᠷᠢᠯᠳᠦᠴᠡ ᠪᠠᠷ ᠲᠣᠬᠢᠷᠠᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠣᠯ᠂ ᠤᠯᠠᠷᠢᠯ ᠢᠶᠠᠷ ᠮᠡᠳᠡᠭᠦᠯᠬᠦ ᠬᠦᠰᠦᠨᠦᠭᠲᠦ ᠶᠢ | ᠵᠠᠰᠠᠭ ᠤᠨ ᠣᠷᠳᠣᠨ ᠠᠴᠠ ᠰᠢᠭᠤᠳ ᠪᠡᠯᠡ ᠭᠠᠷᠭᠠᠵᠤ ᠪᠠᠶᠢᠭᠤᠯᠤᠭᠰᠠᠨ ᠡᠬᠡ ᠰᠠᠭᠤᠷᠢ ᠮᠥᠩᠭᠦ ᠪᠠᠷ ᠲᠠᠭᠯᠠᠨ ᠮᠡᠳᠡᠭᠦᠯᠵᠦ᠂ ᠡᠬᠡ ᠰᠠᠭᠤᠷᠢ ᠮᠥᠩᠭᠦ ᠪᠠᠷ ᠬᠤᠪᠢ | ᠣᠷᠣᠭᠤᠯᠵᠤ ᠪᠠᠶᠢᠭᠤᠯᠤᠭᠰᠠᠨ ᠬᠦᠦ ᠰᠠᠭᠤᠷᠢ ᠮᠥᠩᠭᠦ ᠶᠢ ᠲᠠᠭᠯᠠᠨ ᠮᠡᠳᠡᠭᠦᠯᠬᠦ ᠴᠢᠬᠤᠯᠠ ᠦᠭᠡᠢ᠃ | ᠲᠠᠪᠤᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠬᠤ ᠪᠠ ᠨᠠᠶᠢᠳᠠᠨ ᠬᠠᠮᠢᠶᠠᠷᠤᠭᠤᠯᠬᠤ | ᠬᠤᠷᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠥᠮᠴᠢᠯᠡᠬᠦ ᠡᠷᠬᠡ᠂ ᠬᠠᠮᠢᠶᠠᠷᠬᠤ ᠡᠷᠬᠡ᠂ ᠨᠠᠶᠢᠳᠠᠨ | ᠬᠠᠮᠢᠶᠠᠷᠤᠭᠤᠯᠬᠤ ᠡᠷᠬᠡ ᠶᠢ ᠬᠠᠷᠢᠯᠴᠠᠨ ᠰᠠᠯᠭᠠᠬᠤ ᠲᠤᠰᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠃ | ᠬᠤᠷᠢᠨ ᠭᠤᠷᠪᠠᠳᠤᠭᠠᠷ ᠵᠦᠢᠯ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠬᠦ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ ᠢ ᠦᠨᠳᠦᠰᠦᠯᠡᠨ᠂ ᠵᠠᠬ᠎ᠠ ᠳᠡᠯᠭᠡᠭᠦᠷᠴᠢᠯᠡᠯᠲᠡ ᠶᠢᠨ ᠵᠠᠷᠴᠢᠮ ᠶᠣᠰᠣᠭᠠᠷ᠂ | ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠶᠢ ᠢᠯᠡ ᠪᠥᠭᠡᠳ ᠭᠤᠤᠯᠴᠢ ᠪᠠᠷ ᠰᠢᠯᠢᠳᠡᠭ ᠢ ᠨᠢ ᠰᠣᠩᠭᠤᠨ ᠲᠣᠭᠲᠠᠭᠠᠵᠤ᠂ ᠰᠠᠭᠤᠷᠢ ᠮᠥᠩᠭᠦ ᠶᠢᠨ | ᠡᠷᠬᠡ ᠣᠯᠭᠤᠵᠤ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ ᠰᠠᠭᠤᠷᠢ ᠮᠥᠩᠭᠦᠨ ᠤ ᠡᠷᠬᠡ ᠣᠯᠭᠤᠬᠤ ᠬᠡᠪᠴᠢᠶᠡᠵᠢᠯ ᠪᠠ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠨ᠂ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢᠨ ᠦᠨᠡᠯᠡᠯᠲᠡ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠪᠠᠶᠢᠳᠠᠯ᠂ ᠰᠠᠭᠤᠷᠢ ᠮᠥᠩᠭᠦ ᠶᠢᠨ ᠪᠣᠳᠠᠲᠠᠢ ᠠᠵᠢᠯᠯᠠᠭᠠᠨ ᠤ ᠪᠠᠶᠢᠳᠠᠯ ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠢ᠃ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ | ᠨᠠᠶᠢᠳᠠᠯᠭ᠎ᠠ ᠬᠦᠯᠢᠶᠡᠬᠦ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠣᠷᠠᠬᠢ ᠦᠨᠳᠦᠰᠦᠨ ᠨᠥᠬᠦᠴᠡᠯ ᠢ ᠪᠦᠷᠢᠳᠦᠭᠦᠯᠬᠦ ᠬᠡᠷᠡᠭᠲᠡᠢ᠄ | ︵ᠨᠢᠭᠡ︶ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ︔ | ︵ᠬᠤᠶᠠᠷ︶ ᠰᠠᠭᠤᠷᠢ ᠮᠥᠩᠭᠦ ᠶᠢ ᠬᠠᠮᠢᠶᠠᠷᠤᠭᠰᠠᠨ ᠨᠡᠯᠢᠶᠡᠳ ᠪᠠᠶᠠᠯᠢᠭ ᠲᠤᠷᠰᠢᠯᠭ᠎ᠠ ᠪᠠ ᠡᠭᠦᠨ ᠯᠦᠭᠡ ᠵᠣᠬᠢᠴᠠᠭᠰᠠᠨ ᠲᠤᠰᠬᠠᠢ ᠮᠡᠷᠭᠡᠵᠢᠯ ᠤᠨ | ᠬᠠᠮᠢᠶᠠᠷᠤᠯᠲᠠ ᠶᠢᠨ ᠪᠦᠯᠬᠦᠮ ᠲᠠᠢ︔ | ︵ᠭᠤᠷᠪᠠ︶ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠬᠠᠤᠯᠢ ᠲᠣᠭᠲᠠᠭᠠᠯ ᠶᠣᠰᠣᠭᠠᠷ ᠠᠵᠢᠯᠯᠠᠭᠤᠯᠵᠤ ᠪᠠᠶᠢᠬᠤ᠃ | ᠬᠤᠷᠢᠨ ᠳᠥᠷᠪᠡᠳᠦᠭᠡᠷ ᠵᠦᠢᠯ ᠵᠠᠰᠠᠭ ᠤᠨ ᠣᠷᠳᠣᠨ ᠤ ᠪᠡᠯᠡ ᠭᠠᠷᠭᠠᠭᠰᠠᠨ ᠨᠠᠶᠢᠳᠠᠯᠭ᠎ᠠ ᠶᠢ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠳᠣᠣᠷᠠᠬᠢ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄ | ︵ᠨᠢᠭᠡ︶ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠡᠷᠬᠡ ᠣᠯᠭᠤᠯᠲᠠ ᠶᠢ ᠦᠨᠳᠦᠰᠦᠯᠡᠨ ᠵᠠᠰᠠᠭ ᠤᠨ ᠣᠷᠳᠣᠨ ᠤ ᠪᠡᠯᠡ ᠭᠠᠷᠭᠠᠭᠴᠢ ᠶᠢᠨ ᠬᠠᠮᠢᠶ᠎ᠠ ᠪᠦᠬᠦᠢ | ᠡᠭᠦᠷᠭᠡ ᠬᠠᠷᠢᠭᠤᠴᠠᠯᠭ᠎ᠠ ᠶᠢ ᠣᠷᠣᠯᠠᠨ ᠭᠦᠢᠴᠡᠳᠬᠡᠵᠦ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠲᠤᠰᠬᠠᠢ ᠳᠠᠩᠰᠠᠨ ᠡᠷᠦᠬᠡ ︵ᠲᠤᠰᠬᠠᠢ ᠳᠠᠩᠰᠠ︶ ᠶᠢ | ᠬᠠᠷᠢᠭᠤᠴᠠᠨ ᠬᠠᠮᠢᠶᠠᠷᠤᠨ᠎ᠠ︔ | ︵ᠬᠤᠶᠠᠷ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠵᠡᠷᠭᠡ ᠬᠠᠮᠢᠶ᠎ᠠ ᠪᠦᠬᠦᠢ ᠳᠦᠷᠢᠮ ᠢ ᠦᠨᠳᠦᠰᠦᠯᠡᠨ᠂ ᠬᠥᠮᠥᠨ ᠲᠣᠮᠢᠯᠠᠨ | ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠭᠦᠢᠴᠡᠳᠬᠡᠯᠭᠡᠵᠦ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ | ᠲᠥᠷᠥᠯ ᠵᠦᠢᠯ ᠤᠨ ᠲᠣᠭᠲᠠᠭᠠᠯ ᠳᠤ ᠨᠡᠶᠢᠴᠡᠬᠦ ᠴᠢᠨᠠᠷ ᠢ ᠨᠢ ᠬᠢᠨᠠᠨ ᠬᠠᠷᠭᠤᠭᠤᠯᠵᠤ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠣᠭᠲᠠᠭᠠᠯ ᠠᠴᠠ | ᠵᠥᠷᠢᠴᠡᠵᠦ ᠵᠠᠰᠠᠭ ᠤᠨ ᠣᠷᠳᠣᠨ ᠤ ᠪᠡᠯᠡ ᠭᠠᠷᠭᠠᠭᠰᠠᠨ ᠠᠰᠢᠭ ᠲᠤᠰᠠ ᠶᠢ ᠬᠤᠬᠢᠷᠠᠭᠤᠯᠤᠭᠰᠠᠨ᠂ ᠰᠠᠭᠤᠷᠢ ᠮᠥᠩᠭᠦᠨ ᠤ ᠳᠦᠷᠢᠮ ᠲᠣᠭᠲᠠᠭᠠᠯ ᠢ ᠵᠥᠷᠢᠴᠡᠭᠰᠡᠨ | ᠵᠢᠴᠢ ᠰᠠᠭᠤᠷᠢ ᠮᠥᠩᠭᠦᠨ ᠤ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠳᠠᠯ ᠭᠠᠷᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ | ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠳᠠᠭᠤᠰᠬᠠᠬᠤ ᠪᠠᠷ ᠳᠡᠪᠰᠢᠭᠦᠯᠵᠦ ᠪᠣᠯᠤᠨ᠎ᠠ︔ | ︵ᠭᠤᠷᠪᠠ︶ ᠰᠠᠭᠤᠷᠢ ᠮᠥᠩᠭᠦ ᠬᠠᠮᠢᠶᠠᠷᠤᠭᠴᠢ ᠶᠢᠨ ᠣᠨ ᠤ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠰᠢᠯᠭᠠᠨ ᠬᠢᠨᠠᠵᠤ ᠦᠨᠡᠯᠡᠬᠦ ᠵᠡᠷᠭᠡ ᠠᠵᠢᠯ | ᠥᠷᠨᠢᠭᠦᠯᠬᠦ ᠶᠢ ᠨᠢ ᠰᠢᠮᠳᠠᠭᠤᠯᠤᠨ᠂ ᠡᠳ᠋ ᠤᠨ ᠵᠠᠰᠠᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ ᠠᠵᠢᠯᠯᠠᠭᠠᠨ ᠤ ᠪᠠᠶᠢᠳᠠᠯ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠬᠤᠷᠢᠶᠠᠩᠭᠤᠶᠢᠯᠠᠵᠤ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠨ᠎ᠠ︔ | ︵ᠳᠥᠷᠪᠡ︶ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠢ ᠬᠠᠮᠵᠢᠨ ᠰᠠᠭᠤᠷᠢ ᠮᠥᠩᠭᠦ ᠬᠠᠮᠢᠶᠠᠷᠤᠭᠴᠢ ᠳᠤ ᠬᠢᠨᠠᠯᠲᠠ ᠲᠠᠯᠪᠢᠵᠤ᠂ ᠰᠠᠭᠤᠷᠢ ᠮᠥᠩᠭᠦ | ᠬᠠᠮᠢᠶᠠᠷᠤᠭᠴᠢ ᠶᠢ ᠰᠢᠮᠳᠠᠭᠤᠯᠵᠤ ᠪᠠᠶᠢᠭᠠᠳ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃ | ᠬᠤᠷᠢᠨ ᠲᠠᠪᠤᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠳᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠡᠳᠦᠷ ᠲᠤᠲᠤᠮ ᠤᠨ ᠬᠠᠮᠢᠶᠠᠷᠤᠯᠲᠠ ᠶᠢᠨ ᠵᠠᠷᠤᠳᠠᠯ ᠥᠭᠴᠦ᠂ ᠬᠠᠮᠢᠶᠠᠷᠤᠯᠲᠠ ᠶᠢᠨ ᠵᠠᠷᠤᠳᠠᠯ ᠢ ᠣᠨ ᠤ ᠲᠥᠰᠥᠪ ᠲᠤ ᠪᠠᠨ | ᠣᠷᠣᠭᠤᠯᠵᠤ᠂ ᠰᠠᠭᠤᠷᠢ ᠮᠥᠩᠭᠦ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠪᠠᠶᠢᠳᠠᠯ ᠢ ᠦᠨᠳᠦᠰᠦᠯᠡᠨ ᠴᠢᠩᠭ᠎ᠠ ᠬᠢᠨᠠᠭᠤᠷ ᠬᠠᠷᠭᠤᠭᠤᠯᠤᠨ ᠲᠣᠭᠲᠠᠭᠠᠵᠤ | ᠰᠠᠯᠭᠠᠨ ᠥᠭᠭᠦᠨ᠎ᠡ᠃ ᠬᠠᠮᠢᠶᠠᠷᠤᠯᠲᠠ ᠶᠢᠨ ᠵᠠᠷᠤᠳᠠᠯ ᠢ ᠭᠠᠷᠭᠠᠨ ᠠᠪᠬᠤ ᠰᠠᠭᠤᠷᠢ ᠲᠤᠭ᠎ᠠ ᠨᠢ ᠲᠤᠬᠠᠢ ᠶᠢᠨ ᠵᠢᠯ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ | ᠨᠢᠭᠡᠨᠲᠡ ᠪᠡᠯᠡ ᠣᠷᠣᠭᠤᠯᠤᠭᠠᠳ ᠬᠠᠷᠠᠬᠠᠨ ᠬᠤᠷᠢᠶᠠᠨ ᠠᠪᠤᠭᠠᠳᠤᠢ ᠵᠣᠭᠤᠰ ᠤᠨ ᠲᠤᠭ᠎ᠠ ᠪᠠᠶᠢᠵᠤ᠂ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ 1% ᠠᠴᠠ | ᠥᠨᠳᠥᠷ ᠪᠠᠶᠢᠯᠭᠠᠵᠤ ᠪᠣᠯᠬᠤ ᠦᠭᠡᠢ᠃ | ᠬᠤᠷᠢᠨ ᠵᠢᠷᠭᠤᠳᠤᠭᠠᠷ ᠵᠦᠢᠯ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠲᠥᠪ ᠭᠤᠤᠯᠴᠢ ᠢᠯᠡ ᠪᠠᠶᠢᠯᠭᠠᠬᠤ᠂ ᠰᠢᠯᠢᠳᠡᠭ ᠢ ᠨᠢ ᠰᠣᠩᠭᠤᠬᠤ | ᠵᠠᠷᠴᠢᠮ ᠢ ᠵᠢᠷᠤᠮᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠰᠣᠩᠭᠤᠭᠤᠯᠢ ᠳᠤ ᠥᠷᠢᠰᠦᠯᠳᠦᠬᠦ ᠲᠥᠰᠥᠯ᠂ ᠨᠠᠶᠢᠳᠠᠨ ᠬᠠᠮᠢᠶᠠᠷᠤᠭᠤᠯᠤᠭᠴᠢ ᠶᠢᠨ | ᠰᠣᠩᠭᠤᠭᠤᠯᠢ ᠳᠤ ᠥᠷᠢᠰᠦᠯᠳᠦᠬᠦ ᠲᠥᠰᠥᠯ ᠶᠣᠰᠣᠭᠠᠷ ᠰᠠᠭᠤᠷᠢ ᠮᠥᠩᠭᠦ ᠬᠠᠮᠢᠶᠠᠷᠤᠭᠴᠢ᠂ ᠨᠠᠶᠢᠳᠠᠨ ᠬᠠᠮᠢᠶᠠᠷᠤᠭᠤᠯᠤᠭᠴᠢ ᠶᠢ ᠰᠣᠩᠭᠤᠨ ᠤᠷᠢᠬᠤ ᠬᠡᠷᠡᠭᠲᠡᠢ᠃ | ᠬᠤᠷᠢᠨ ᠳᠣᠯᠣᠳᠤᠭᠠᠷ ᠵᠦᠢᠯ ᠰᠠᠭᠤᠷᠢ ᠮᠥᠩᠭᠦ ᠬᠠᠮᠢᠶᠠᠷᠤᠭᠴᠢ ᠨᠢ ᠳᠣᠣᠷᠠᠬᠢ ᠨᠥᠬᠦᠴᠡᠯ ᠤᠳ ᠢ ᠪᠦᠷᠢᠳᠦᠭᠦᠯᠬᠦ ᠬᠡᠷᠡᠭᠲᠡᠢ᠄ | ︵ᠨᠢᠭᠡ︶ ᠳᠤᠮᠳᠠᠳᠤ ᠤᠯᠤᠰ ᠤᠨ ᠡᠬᠡ ᠬᠠᠭᠤᠷᠠᠢ ᠳᠤ ᠬᠠᠤᠯᠢ ᠶᠣᠰᠣᠭᠠᠷ ᠪᠠᠶᠢᠭᠤᠯᠤᠭᠰᠠᠨ ᠺᠣᠮᠫᠠᠨᠢ ᠪᠤᠶᠤ ᠬᠤᠷᠰᠢᠭᠰᠠᠨ ᠠᠵᠤ ᠠᠬᠤᠶᠢᠯᠠᠯ᠂ ᠪᠣᠳᠠᠲᠠᠢ | ᠬᠤᠷᠢᠶᠠᠭᠰᠠᠨ ᠬᠥᠷᠥᠩᠭᠡ ᠨᠢ ᠠᠷᠠᠳ ᠤᠨ ᠵᠣᠭᠤᠰ ᠢᠶᠠᠷ 1000 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠵᠤ᠂ ᠲᠣᠭᠲᠠᠭᠰᠠᠨ ᠠᠵᠢᠯᠯᠠᠬᠤ ᠭᠠᠵᠠᠷ ᠲᠠᠢ ᠪᠠᠶᠢᠬᠤ︔ | ︵ᠬᠤᠶᠠᠷ︶ ᠲᠣᠭᠲᠠᠭᠤᠨ ᠬᠠᠮᠢᠶᠠᠷᠤᠯᠲᠠ ᠶᠢᠨ ᠪᠦᠯᠬᠦᠮ ᠨᠡᠶᠢᠲᠡ ᠲᠠ᠊ ᠪᠠᠶᠢᠵᠤ᠂ ᠰᠠᠶᠢᠨ ᠰᠠᠶᠢᠬᠠᠨ ᠡᠷᠬᠢᠯᠡᠭᠰᠡᠨ ᠠᠵᠢᠯ ᠤᠨ ᠰᠠᠬᠢᠯᠭ᠎ᠠ ᠪᠠᠲᠤ ᠪᠠ ᠢᠲᠡᠭᠡᠯ | ᠬᠦᠨᠳᠦ ᠲᠠᠢ ᠪᠥᠭᠡᠳ ᠤᠯᠤᠰ ᠠᠴᠠ ᠲᠣᠭᠲᠠᠭᠠᠭᠰᠠᠨ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠷᠢ ᠭᠡᠮ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠳᠣᠲᠣᠷ᠎ᠠ ᠠᠳᠠᠭ ᠲᠤ ᠪᠠᠨ 3 ᠬᠥᠮᠥᠨ ᠠᠴᠠ ᠢᠯᠡᠭᠦᠦ ᠲᠣᠭᠲᠠᠭᠤᠨ ᠠᠵᠢᠯᠲᠠᠨ ᠲᠠᠢ ᠪᠠᠶᠢᠬᠤ︔ | ︵ᠭᠤᠷᠪᠠ︶ 3 ᠵᠢᠯ ᠠᠴᠠ ᠳᠡᠭᠡᠭᠰᠢᠬᠢ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠲᠤᠷᠰᠢᠯᠭ᠎ᠠ ᠲᠠᠢ ᠳᠡᠭᠡᠳᠦ ᠵᠡᠷᠭᠡ ᠶᠢᠨ ᠬᠠᠮᠢᠶᠠᠷᠤᠯᠲᠠ ᠶᠢᠨ | ᠠᠵᠢᠯᠲᠠᠨ ᠠᠳᠠᠭ ᠲᠤ ᠪᠠᠨ 3 ᠬᠥᠮᠥᠨ ᠪᠠᠶᠢᠬᠤ ᠬᠡᠷᠡᠭᠲᠡᠢ︔ ᠢᠲᠡᠭᠡᠮᠵᠢ ᠶᠢᠨ ᠰᠠᠶᠢᠲᠠᠢ ᠪᠥᠭᠡᠳ ᠬᠠᠮᠢᠶᠠᠷᠤᠭᠴᠢ ᠵᠢᠴᠢ ᠬᠡᠷᠡᠭ ᠮᠡᠳᠡᠭᠴᠢ᠂ ᠬᠢᠨᠠᠭᠴᠢ᠂ ᠳᠡᠭᠡᠳᠦ | ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠵᠢᠴᠢ ᠪᠤᠰᠤᠳ ᠠᠵᠢᠯᠯᠠᠭᠰᠠᠳ ᠨᠢ ᠣᠶᠢᠷ᠎ᠠ ᠶᠢᠨ 3 ᠵᠢᠯ ᠳᠤ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ | ᠵᠡᠷᠭᠡ ᠮᠠᠭᠤ ᠮᠠᠭᠤᠬᠠᠢ ᠲᠡᠮᠳᠡᠭᠯᠡᠯ ᠪᠠᠶᠢᠬᠤ ᠦᠭᠡᠢ︔ | ︵ᠳᠥᠷᠪᠡ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠪᠠ ᠰᠠᠭᠤᠷᠢ ᠮᠥᠩᠭᠦᠨ ᠤ | ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠬᠡᠮᠵᠢ ᠲᠠᠢ ᠪᠠᠶᠢᠬᠤ︔ | ︵ᠲᠠᠪᠤ︶ ᠴᠢᠩᠭ᠎ᠠ ᠪᠥᠭᠡᠳ ᠵᠣᠬᠢᠰᠲᠠᠢ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ᠂ ᠲᠦᠭᠰᠢᠭᠦᠷᠢ ᠶᠢ ᠡᠵᠡᠮᠳᠡᠬᠦ | ᠲᠣᠭᠲᠠᠴᠠ ᠵᠢᠴᠢ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠲᠠᠢ ᠪᠠᠶᠢᠬᠤ︔ | ︵ᠵᠢᠷᠭᠤᠭ᠎ᠠ︶ ᠳᠤᠮᠳᠠᠳᠤ ᠤᠯᠤᠰ ᠤᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯ ᠲᠦᠷᠦᠯ ᠤᠨ ᠨᠡᠶᠢᠭᠡᠮᠯᠢᠭ ᠤᠨ | ᠲᠣᠭᠲᠠᠭᠠᠭᠰᠠᠨ ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠶᠢᠨ ᠬᠠᠮᠢᠶᠠᠷᠤᠭᠴᠢ ᠶᠢᠨ ᠬᠢᠷᠢ ᠭᠡᠮ ᠲᠠᠢ ᠪᠠᠶᠢᠵᠤ᠂ ᠤᠯᠤᠰ ᠤᠨ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠳᠤ ᠪᠦᠷᠢᠳᠬᠡᠨ ᠳᠠᠩᠰᠠᠯᠠᠭᠤᠯᠬᠤ | ᠭᠠᠷᠳᠠᠮ ᠢ ᠭᠦᠢᠴᠡᠳᠬᠡᠭᠰᠡᠨ ᠤ ᠬᠠᠮᠲᠤ ᠬᠢᠨᠠᠯᠲᠠ ᠲᠠᠯᠪᠢᠯᠲᠠ ᠶᠢ ᠬᠦᠯᠢᠶᠡᠵᠦ ᠪᠠᠶᠢᠬᠤ᠃ | ᠬᠤᠷᠢᠨ ᠨᠠᠢᠮᠠᠳᠤᠭᠠᠷ ᠵᠦᠢᠯ ᠰᠠᠭᠤᠷᠢ ᠮᠥᠩᠭᠦ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠶᠢᠴᠡᠳᠭᠡᠨᠡ᠄ | ︵ᠨᠢᠭᠡ︶ ᠰᠠᠭᠤᠷᠢ ᠮᠥᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠰᠠᠭᠤᠷᠢ ᠮᠥᠩᠭᠦᠨ ᠤ ᠰᠢᠢᠳᠪᠦᠷᠢᠲᠦ ᠪᠣᠳᠣᠯᠭ᠎ᠠ ᠶᠢᠨ ᠺᠣᠮᠢᠰ ᠤᠨ | ᠵᠥᠪᠯᠡᠨ ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠦᠨᠳᠦᠰᠦᠯᠡᠨ᠂ ᠪᠡᠯᠡ ᠣᠷᠣᠭᠤᠯᠬᠤ ᠲᠥᠰᠥᠯ ᠢ ᠲᠣᠭᠲᠠᠭᠠᠵᠤ᠂ ᠰᠠᠭᠤᠷᠢ ᠮᠥᠩᠭᠦ ᠶᠢᠨ | ᠪᠡᠯᠡ ᠴᠤᠭᠯᠠᠭᠤᠯᠬᠤ᠂ ᠪᠡᠯᠡ ᠣᠷᠤᠭᠤᠯᠬᠤ᠂ ᠬᠠᠮᠢᠶᠠᠷᠬᠤ᠂ ᠪᠤᠴᠠᠭᠠᠵᠤ ᠭᠠᠷᠭᠠᠬᠤ ᠵᠡᠷᠭᠡ ᠠᠵᠢᠯᠯᠠᠭᠤᠯᠬᠤ ᠠᠵᠢᠯ ᠢ ᠭᠦᠢᠴᠡᠳᠬᠡᠨ᠎ᠡ︔ | ︵ᠬᠤᠶᠠᠷ︶ ᠰᠠᠭᠤᠷᠢ ᠮᠥᠩᠭᠦᠨ ᠤ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠰᠠᠭᠤᠷᠢ ᠮᠥᠩᠭᠦ ᠶᠢᠨ ᠬᠤᠪᠢ ᠣᠷᠣᠭᠤᠯᠤᠭᠴᠢ ᠪᠤᠶᠤ ᠬᠤᠷᠰᠢᠭᠴᠢ ᠳᠤ ᠰᠠᠭᠤᠷᠢ ᠮᠥᠩᠭᠦᠨ ᠤ ᠡᠵᠡᠩᠨᠡᠯᠲᠡ ᠶᠢᠨ ᠠᠵᠢᠯᠯᠠᠭᠠᠨ᠂ ᠰᠠᠭᠤᠷᠢ | ᠮᠥᠩᠭᠦᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠰᠠᠭᠤᠷᠢ ᠮᠥᠩᠭᠦᠨ ᠤ ᠵᠠᠰᠠᠯᠲᠠ᠂ | ᠡᠵᠡᠩᠨᠡᠯᠲᠡ᠂ ᠡᠳ᠋ ᠤᠨ ᠶᠠᠪᠤᠳᠠᠯ ᠵᠡᠷᠭᠡ ᠲᠠᠯ᠎ᠠ ᠶᠢᠨ ᠪᠠᠶᠢᠳᠠᠯ ᠢ ᠪᠥᠬᠦ ᠲᠠᠯ᠎ᠠ ᠪᠠᠷ ᠮᠡᠳᠡᠭᠳᠡᠨ᠎ᠡ︔ | ︵ᠭᠤᠷᠪᠠ︶ ᠰᠠᠭᠤᠷᠢ ᠮᠥᠩᠭᠦᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠠᠶᠢᠷᠠᠭᠤᠯᠤᠨ ᠵᠣᠬᠢᠶᠠᠵᠤ᠂ ᠬᠢᠷᠢ | ᠭᠡᠮ ᠲᠠᠢ ᠭᠠᠳᠠᠨᠠᠬᠢ ᠬᠢᠨᠠᠨ ᠪᠤᠳᠤᠬᠤ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ ᠵᠥᠪᠯᠡᠯ ︵ | ᠡᠵᠡᠮᠰᠢᠭᠴᠢᠳ ᠤᠨ ᠶᠡᠭᠡ ᠬᠤᠷᠠᠯ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠨ᠎ᠠ︔ | ︵ᠳᠥᠷᠪᠡ︶ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠪᠤᠰᠤᠳ | ᠡᠭᠦᠷᠭᠡ ᠬᠠᠷᠢᠭᠤᠴᠠᠯᠭ᠎ᠠ᠃ | ᠬᠤᠷᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠪᠡᠯᠡ ᠴᠤᠭᠯᠠᠭᠤᠯᠬᠤ ᠲᠣᠳᠣᠷᠬᠠᠶᠢᠯᠠᠯᠲᠠ ᠶᠢᠨ ᠪᠢᠴᠢᠭ᠂ | ᠰᠠᠭᠤᠷᠢ ᠮᠥᠩᠭᠦᠨ ᠤ ᠺᠣᠮᠫᠠᠨᠢ ᠶᠢᠨ ᠳᠦᠷᠢᠮ ᠲᠣᠭᠲᠠᠭᠠᠯ ᠪᠤᠶᠤ ᠰᠠᠭᠤᠷᠢ ᠮᠥᠩᠭᠦᠨ ᠤ ᠬᠤᠷᠰᠢᠯᠴᠠᠬᠤ ᠵᠥᠪᠯᠡᠯᠴᠡᠭᠡᠷ᠂ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ | ᠵᠡᠷᠭᠡ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠳᠤ᠂ ᠰᠠᠭᠤᠷᠢ ᠮᠥᠩᠭᠦᠨ ᠤ ᠠᠰᠢᠭ ᠣᠷᠣᠯᠭ᠎ᠠ ᠶᠢᠨ ᠪᠦᠷᠢᠯᠳᠦᠯ᠂ ᠬᠤᠪᠢᠶᠠᠷᠢᠯᠠᠬᠤ ᠠᠷᠭ᠎ᠠ ᠬᠡᠯᠪᠡᠷᠢ᠂ | ᠪᠤᠴᠠᠭᠠᠵᠤ ᠭᠠᠷᠭᠠᠬᠤ ᠠᠷᠭ᠎ᠠ ᠬᠡᠯᠪᠡᠷᠢ ᠶᠢ ᠲᠣᠳᠣᠷᠬᠠᠶᠢᠯᠠᠵᠤ᠂ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠪᠠ ᠠᠮᠵᠢᠯᠲᠠ ᠪᠦᠲᠦᠮᠵᠢ ᠶᠢᠨ | ᠬᠥᠯᠥᠰᠦ ᠣᠯᠭᠤᠮᠵᠢ ᠵᠡᠷᠭᠡ ᠰᠠᠭᠤᠷᠢ ᠮᠥᠩᠭᠦ ᠶᠢᠨ ᠡᠭᠦᠷᠭᠡᠯᠡᠬᠦ ᠴᠢᠬᠤᠯᠠ ᠲᠠᠢ ᠪᠤᠰᠤᠳ ᠬᠤᠯᠪᠣᠭᠳᠠᠯ ᠪᠦᠬᠦᠢ ᠵᠠᠷᠤᠳᠠᠯ ᠤᠨ ᠪᠠᠷᠢᠮᠵᠢᠶ᠎ᠠ ᠪᠠ ᠣᠨ ᠤ ᠣᠯᠭᠤᠬᠤ | ᠬᠠᠷᠢᠴᠠᠯ ᠢ ᠵᠣᠬᠢᠰᠲᠠᠢ ᠲᠣᠭᠲᠠᠭᠠᠬᠤ ᠬᠡᠷᠡᠭᠲᠡᠢ᠃ ᠰᠠᠭᠤᠷᠢ ᠮᠥᠩᠭᠦ ᠬᠠᠮᠢᠶᠠᠷᠤᠭᠴᠢ ᠶᠢᠨ ᠬᠠᠮᠢᠶᠠᠷᠤᠯᠲᠠ ᠶᠢᠨ ᠵᠠᠷᠤᠳᠠᠯ ᠢ ᠠᠮᠵᠢᠯᠲᠠ ᠪᠦᠲᠦᠮᠵᠢ ᠶᠢ ᠦᠨᠡᠯᠡᠬᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ᠂ ᠰᠠᠭᠤᠷᠢ ᠮᠥᠩᠭᠦᠨ ᠤ ᠪᠣᠳᠠᠲᠠᠢ ᠠᠵᠢᠯᠯᠠᠭᠠᠨ ᠤ ᠪᠠᠶᠢᠳᠠᠯ᠂ ᠳᠠᠭᠠᠵᠤ ᠣᠷᠤᠭᠤᠯᠤᠯᠲᠠ ᠬᠢᠬᠦ ᠬᠠᠷᠢᠴᠠᠯ | ᠵᠡᠷᠭᠡ ᠯᠦᠭᠡ ᠬᠤᠯᠪᠣᠭᠳᠠᠭᠤᠯᠵᠤ᠂ ᠡᠬᠡ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ | ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠣᠭᠤᠰᠤᠨ ᠲᠤᠭ᠎ᠠ ︵ᠬᠦᠦ ᠰᠠᠭᠤᠷᠢ ᠮᠥᠩᠭᠦ | ᠪᠠᠶᠢᠭᠤᠯᠬᠤ ᠳᠤ ᠭᠠᠷᠭᠠᠭᠰᠠᠨ ᠪᠡᠯᠡ ᠮᠥᠩᠭᠦᠨ ᠤ ᠵᠣᠭᠤᠰᠤᠨ ᠲᠤᠭ᠎ᠠ ᠪᠠᠭᠲᠠᠬᠤ ᠦᠭᠡᠢ︶᠂ ᠵᠠᠷᠤᠳᠠᠯ ᠤᠨ ᠨᠣᠷᠮ᠎ᠠ ᠶᠢ 1% ᠠᠴᠠ ᠥᠨᠳᠥᠷ ᠪᠠᠶᠢᠯᠭᠠᠬᠤ ᠦᠭᠡᠶ︔ | ᠪᠤᠴᠠᠭᠠᠵᠤ ᠭᠠᠷᠭᠠᠬᠤ ᠬᠤᠭᠤᠴᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠪᠣᠳᠣᠵᠤ ᠠᠪᠬᠤ ᠰᠠᠭᠤᠷᠢ ᠲᠤᠭ᠎ᠠ ᠨᠢ ᠨᠢᠭᠡᠨᠲᠡ ᠣᠷᠤᠭᠤᠯᠤᠯᠲᠠ ᠬᠢᠭᠰᠡᠨ ᠪᠣᠯᠪᠠᠴᠤ | ᠪᠤᠴᠠᠭᠠᠭᠠᠳᠤᠢ ᠪᠡᠯᠡ ᠣᠷᠣᠭᠤᠯᠤᠯᠲᠠ ᠶᠢᠨ ᠵᠣᠭᠤᠰᠤᠨ ᠲᠤᠭ᠎ᠠ ᠪᠠᠶᠢᠵᠤ᠂ ᠵᠠᠷᠤᠳᠠᠯ ᠤᠨ ᠨᠣᠷᠮ᠎ᠠ ᠶᠢᠨ ᠬᠠᠷᠢᠴᠠᠯ ᠢ ᠬᠠᠭᠠᠰ ᠢᠶᠠᠷ ᠬᠠᠰᠤᠵᠤ ᠬᠤᠷᠢᠶᠠᠨ᠎ᠠ᠃ ᠬᠦᠦ | ᠰᠠᠭᠤᠷᠢ ᠮᠥᠩᠭᠦᠨ ᠤ ᠬᠠᠮᠢᠶᠠᠷᠤᠯᠲᠠ ᠶᠢᠨ ᠵᠠᠷᠤᠳᠠᠯ ᠢ ᠪᠣᠳᠣᠵᠤ ᠠᠪᠬᠤ ᠪᠠᠷᠢᠮᠵᠢᠶ᠎ᠠ ᠪᠠ ᠵᠠᠷᠤᠳᠠᠯ ᠤᠨ ᠨᠣᠷᠮ᠎ᠠ ᠶᠢ ᠵᠠᠷᠴᠢᠮ ᠳᠡᠭᠡᠷ᠎ᠡ ᠪᠠᠨ ᠡᠬᠡ ᠰᠠᠭᠤᠷᠢ | ᠮᠥᠩᠭᠦ ᠠᠴᠠ ᠥᠨᠳᠥᠷ ᠪᠠᠶᠢᠯᠭᠠᠵᠤ ᠪᠣᠯᠬᠤ ᠦᠭᠡᠢ᠃ ᠡᠬᠡ ᠰᠠᠭᠤᠷᠢ ᠮᠥᠩᠭᠦᠨ ᠤ ᠤᠷᠲᠤᠳᠬᠠᠬᠤ ᠬᠤᠭᠤᠴᠠᠭᠠᠨ ᠳᠤ ᠬᠠᠮᠢᠶᠠᠷᠤᠯᠲᠠ ᠶᠢᠨ ᠵᠠᠷᠤᠳᠠᠯ ᠬᠤᠷᠢᠶᠠᠬᠤ | ᠦᠭᠡᠢ᠃ | ᠭᠤᠴᠢᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠨᠠᠶᠢᠳᠠᠵᠤ ᠬᠠᠮᠢᠶᠠᠷᠤᠭᠤᠯᠬᠤ ᠵᠥᠪᠯᠡᠯᠴᠡᠭᠡᠷ ᠲᠣᠭᠲᠠᠵᠤ᠂ | ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠪᠣᠯ ᠬᠠᠤᠯᠢ ᠶᠣᠰᠣᠭᠠᠷ ᠪᠠᠶᠢᠭᠤᠯᠤᠭᠰᠠᠨ ᠬᠤᠳᠠᠯᠳᠤᠭᠠᠨ ᠤ ᠪᠠᠩᠬᠢ ᠪᠠᠶᠢᠵᠤ᠂ ᠵᠥᠪᠯᠡᠯᠴᠡᠭᠡᠷ ᠲᠤ | ᠪᠣᠯᠵᠣᠭᠰᠠᠨ ᠶᠣᠰᠣᠭᠠᠷ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠤᠨ᠎ᠠ᠃ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ | ᠨᠥᠬᠦᠴᠡᠯ ᠤᠳ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠴᠡᠪᠡᠷ ᠡᠳ᠋ ᠬᠥᠷᠥᠩᠭᠡ ᠪᠠ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠤᠭ᠎ᠠ ᠨᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔ | ︵ᠬᠤᠶᠠᠷ︶ ᠰᠠᠭᠤᠷᠢ ᠮᠥᠩᠭᠦ ᠶᠢ ᠨᠠᠶᠢᠳᠠᠨ ᠬᠠᠮᠢᠶᠠᠷᠤᠭᠤᠯᠬᠤ ᠲᠤᠰᠬᠠᠢ ᠰᠠᠯᠠᠭ᠎ᠠ ᠮᠥᠴᠢᠷ ᠢ ᠪᠠᠶᠢᠭᠤᠯᠤᠭᠰᠠᠨ ᠪᠠᠶᠢᠬᠤ︔ | ︵ᠭᠤᠷᠪᠠ︶ ᠰᠠᠭᠤᠷᠢ ᠮᠥᠩᠭᠦᠨ ᠤ ᠠᠵᠢᠯ ᠡᠷᠬᠢᠯᠡᠬᠦ ᠬᠢᠷᠢ ᠭᠡᠮ ᠣᠯᠣᠭᠰᠠᠨ ᠲᠤᠰᠬᠠᠢ ᠲᠤᠰᠢᠶᠠᠯ ᠤᠨ ᠠᠵᠢᠯᠲᠠᠨ ᠨᠢ ᠬᠠᠤᠯᠢ ᠳᠤ ᠲᠣᠭᠲᠠᠭᠠᠭᠰᠠᠨ ᠬᠥᠮᠥᠨ ᠤ | ᠲᠣᠭᠠᠨ ᠳᠤ ᠬᠦᠷᠦᠭᠰᠡᠨ ᠪᠠᠶᠢᠬᠤ︔ | ︵ᠳᠥᠷᠪᠡ︶ ᠰᠠᠭᠤᠷᠢ ᠮᠥᠩᠭᠦᠨ ᠤ ᠡᠳ᠋ ᠬᠥᠷᠥᠩᠭᠡ ᠶᠢ ᠠᠮᠤᠷ ᠲᠦᠪᠰᠢᠨ ᠢᠶᠠᠷ ᠬᠠᠮᠢᠶᠠᠷᠬᠤ ᠨᠥᠬᠦᠴᠡᠯ ᠲᠠᠢ ᠪᠠᠶᠢᠬᠤ︔ | ︵ᠲᠠᠪᠤ︶ ᠠᠮᠤᠷ ᠲᠦᠪᠰᠢᠨ ᠥᠨᠳᠥᠷ ᠪᠦᠲᠦᠮᠵᠢᠲᠡᠶ ᠢᠯᠭᠠᠷᠠᠭᠤᠯᠤᠨ ᠪᠤᠳᠤᠬᠤ᠂ ᠲᠠᠰᠤᠯᠤᠨ ᠪᠤᠳᠤᠬᠤ ᠰᠢᠰᠲ᠋ᠧᠮ ᠲᠠᠢ ᠪᠠᠶᠢᠬᠤ︔ | ︵ᠵᠢᠷᠭᠤᠭ᠎ᠠ︶ ᠱᠠᠭᠠᠷᠳᠠᠯᠭ᠎ᠠ ᠳᠤ ᠨᠡᠶᠢᠴᠡᠭᠰᠡᠨ ᠡᠵᠡᠩᠨᠡᠯᠲᠡ ᠶᠢᠨ ᠲᠠᠯᠠᠪᠤᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠪᠡᠯᠡᠳᠬᠡᠮᠵᠢ ᠪᠠ ᠰᠠᠭᠤᠷᠢ ᠮᠥᠩᠭᠦ | ᠨᠠᠶᠢᠳᠠᠨ ᠬᠠᠮᠢᠶᠠᠷᠤᠭᠤᠯᠬᠤ ᠲᠤᠬᠠᠶᠢᠯᠠᠭᠰᠠᠨ ᠠᠵᠢᠯ ᠲᠠᠢ ᠬᠤᠯᠪᠣᠭᠳᠠᠬᠤ ᠪᠤᠰᠤᠳ ᠪᠡᠯᠡᠳᠬᠡᠮᠵᠢ ᠲᠠᠢ ᠪᠠᠶᠢᠬᠤ︔ | ︵ᠳᠤᠯᠤᠭ᠎ᠠ︶ ᠪᠦᠷᠢᠨ ᠲᠡᠭᠦᠯᠳᠡᠷ ᠪᠦᠬᠦᠢ ᠳᠣᠲᠣᠭᠠᠳᠤ ᠶᠢᠨ ᠰᠢᠯᠭᠠᠨ ᠬᠠᠷᠭᠤᠭᠤᠯᠵᠤ ᠬᠢᠨᠠᠨ ᠡᠵᠡᠮᠳᠡᠬᠦ ᠳᠦᠷᠢᠮ ᠪᠠ ᠲᠦᠭᠰᠢᠭᠦᠷᠢ ᠶᠢ ᠡᠵᠡᠮᠳᠡᠬᠦ | ᠳᠦᠷᠢᠮ ᠲᠠᠢ ᠪᠠᠶᠢᠬᠤ︔ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠲᠡᠮᠳᠡᠭᠲᠦ ᠶᠢ ᠬᠢᠨᠠᠨ ᠬᠠᠮᠢᠶᠠᠷᠬᠤ | ᠪᠠᠶᠢᠭᠤᠯᠤᠮᠵᠢ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠩᠬᠢ ᠶᠢᠨ ᠦᠢᠯᠡᠰ ᠢ ᠬᠢᠨᠠᠨ ᠬᠠᠮᠢᠶᠠᠷᠬᠤ ᠪᠠᠶᠢᠭᠤᠯᠤᠮᠵᠢ ᠠᠴᠠ ᠲᠣᠭᠲᠠᠭᠠᠭᠰᠠᠨ ᠪᠤᠰᠤᠳ ᠨᠥᠬᠦᠴᠡᠯ᠃ | ᠭᠤᠴᠢᠨ ᠨᠢᠭᠡᠳᠦᠭᠡᠷ ᠵᠦᠢᠯ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠄ | ︵ᠨᠢᠭᠡ︶ ᠨᠠᠶᠢᠳᠠᠨ ᠬᠠᠮᠢᠶᠠᠷᠤᠭᠤᠯᠤᠭᠰᠠᠨ ᠰᠠᠭᠤᠷᠢ ᠮᠥᠩᠭᠦᠨ ᠤ ᠪᠦᠬᠦ ᠡᠳ᠋ ᠬᠥᠷᠥᠩᠭᠡ ᠶᠢ ᠠᠮᠤᠷ ᠲᠦᠪᠰᠢᠨ ᠢᠶᠠᠷ ᠬᠠᠮᠢᠶᠠᠷᠴᠤ᠂ ᠰᠠᠭᠤᠷᠢ ᠮᠥᠩᠭᠦ ᠶᠢ | ᠨᠠᠶᠢᠳᠠᠯᠭ᠎ᠠ ᠪᠠᠷ ᠬᠠᠮᠢᠶᠠᠷᠤᠭᠴᠢ ᠨᠢ ᠨᠠᠶᠢᠳᠠᠯᠭ᠎ᠠ ᠪᠠᠷ ᠬᠠᠮᠢᠶᠠᠷᠤᠭᠰᠠᠨ ᠰᠠᠭᠤᠷᠢ ᠮᠥᠩᠭᠦᠨ ᠤ ᠡᠳ᠋ ᠬᠥᠷᠥᠩᠭᠡ ᠶᠢ ᠥᠪᠡᠷ ᠤᠨ ᠡᠳ᠋ ᠬᠥᠷᠥᠩᠭᠡ ᠯᠦᠭᠡ ᠴᠢᠩᠭ᠎ᠠ | ᠰᠠᠯᠭᠠᠵᠤ᠂ ᠠᠳᠠᠯᠢ ᠪᠤᠰᠤ ᠰᠠᠭᠤᠷᠢ ᠮᠥᠩᠭᠦ ᠳᠤ ᠲᠤᠰ ᠲᠤᠰ ᠲᠤ ᠨᠢ ᠳᠠᠩᠰᠠᠨ ᠡᠷᠦᠬᠡ ᠪᠠᠶᠢᠭᠤᠯᠵᠤ᠂ ᠳᠠᠩᠰᠠ ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠎ᠡ︔ | ︵ᠬᠤᠶᠠᠷ︶ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠤᠭᠤᠯᠤᠯᠲᠠ ᠬᠢᠬᠦ ᠵᠠᠷᠯᠢᠭ ᠵᠢᠭᠠᠪᠤᠷᠢ ᠶᠢ ᠨᠢ ᠬᠡᠷᠡᠭᠵᠢᠭᠦᠯᠵᠦ᠂ ᠰᠠᠭᠤᠷᠢ ᠮᠥᠩᠭᠦᠨ ᠤ ᠨᠡᠷ᠎ᠡ ᠶᠢᠨ | ᠳᠣᠣᠷᠠᠬᠢ ᠪᠡᠯᠡ ᠮᠥᠩᠭᠦᠨ ᠤ ᠬᠠᠷᠢᠯᠴᠠᠭ᠎ᠠ ᠶᠢ ᠬᠠᠷᠢᠭᠤᠴᠠᠨ᠎ᠠ︔ | ︵ᠭᠤᠷᠪᠠ︶ ᠨᠠᠶᠢᠳᠠᠨ ᠬᠠᠮᠢᠶᠠᠷᠤᠭᠤᠯᠬᠤ ᠵᠥᠪᠯᠡᠯᠴᠡᠭᠡᠷ ᠢ ᠦᠨᠳᠦᠰᠦᠯᠡᠨ᠂ ᠰᠠᠭᠤᠷᠢ ᠮᠥᠩᠭᠦ ᠬᠠᠮᠢᠶᠠᠷᠤᠭᠴᠢ ᠬᠠᠤᠯᠢ ᠴᠠᠭᠠᠵᠠ ᠬᠠᠤᠯᠢ ᠲᠣᠭᠲᠠᠭᠠᠯ᠂ | ᠺᠤᠮᠫᠠᠨᠢ ᠶᠢᠨ ᠳᠦᠷᠢᠮ ᠲᠣᠭᠲᠠᠭᠠᠯ ᠪᠤᠶᠤ ᠬᠤᠷᠰᠢᠬᠤ ᠵᠥᠪᠯᠡᠯᠴᠡᠭᠡᠷ᠂ ᠨᠠᠶᠢᠳᠠᠯᠭ᠎ᠠ ᠪᠠᠷ ᠬᠠᠮᠢᠶᠠᠷᠬᠤ ᠵᠥᠪᠯᠡᠯᠴᠡᠭᠡᠷ᠂ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ | ᠬᠤᠷᠠᠯ ︵ᠡᠵᠡᠮᠰᠢᠭᠴᠢᠳ ᠤᠨ ᠶᠡᠭᠡ ᠬᠤᠷᠠᠯ︶ ᠤᠨ ᠰᠢᠢᠳᠪᠦᠷᠢ ᠶᠢ ᠵᠥᠷᠢᠴᠡᠭᠰᠡᠨ ᠪᠡᠯᠡ ᠣᠷᠣᠭᠤᠯᠤᠯᠲᠠ ᠬᠢᠬᠦ ᠵᠠᠷᠯᠢᠭ ᠵᠢᠭᠠᠪᠤᠷᠢ ᠶᠢ ᠣᠯᠵᠤ ᠮᠡᠳᠡᠪᠡᠯ᠂ | ᠭᠦᠢᠴᠡᠳᠬᠡᠬᠦ ᠶᠢ ᠲᠡᠪᠴᠢᠬᠦ ᠶᠢᠨ ᠬᠠᠮᠲᠤ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ᠎ᠡ︔ ᠨᠢᠭᠡᠨᠲᠡ ᠬᠠᠤᠯᠢ ᠴᠠᠭᠠᠵᠠ ᠬᠠᠤᠯᠢ | ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠴᠠᠭ ᠲᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ︔ | ︵ᠳᠥᠷᠪᠡ︶ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠰᠠᠨ ᠮᠡᠳᠡᠭᠦᠯᠦᠯᠲᠡ ᠭᠠᠷᠭᠠᠵᠤ᠂ ᠰᠠᠭᠤᠷᠢ ᠮᠥᠩᠭᠦᠨ ᠤ ᠬᠡᠷᠡᠭ ᠮᠡᠳᠡᠭᠴᠢᠳ ᠤᠨ ᠵᠥᠪᠯᠡᠯ ︵ | ᠡᠵᠡᠮᠰᠢᠭᠴᠢᠳ ᠤᠨ ᠶᠡᠭᠡ ᠬᠤᠷᠠᠯ︶ ᠳᠤ ᠮᠡᠳᠡᠭᠦᠯᠦᠯᠲᠡ ᠬᠢᠬᠦ ᠶᠢᠨ ᠬᠠᠮᠲᠤ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨ ᠤ ᠮᠡᠳᠡᠭᠦᠯᠦᠯᠲᠡ ᠪᠠᠨ ᠲᠤᠰᠢᠶᠠᠬᠤ ᠬᠡᠷᠡᠭᠲᠡᠢ︔ | ︵ᠲᠠᠪᠤ︶ ᠨᠠᠶᠢᠳᠠᠯᠭ᠎ᠠ ᠪᠠᠷ ᠬᠠᠮᠢᠶᠠᠷᠬᠤ ᠵᠥᠪᠯᠡᠯᠴᠡᠭᠡᠷ ᠲᠤ ᠲᠣᠭᠲᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠵᠢᠷᠭᠤᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠵᠢᠯᠯᠠᠭᠠᠨ ᠪᠠ ᠲᠦᠭᠰᠢᠭᠦᠷᠢ ᠶᠢᠨ ᠡᠵᠡᠮᠳᠡᠯ | ᠭᠤᠴᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ︽ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ | ᠵᠠᠬ᠎ᠠ ᠳᠡᠯᠭᠡᠭᠦᠷ ᠲᠤ ᠠᠵᠢᠯᠯᠠᠭᠤᠯᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠲᠦᠭᠰᠢᠭᠦᠷᠢ ᠶᠢ ᠰᠡᠷᠭᠡᠶᠢᠯᠡᠬᠦ︾ ᠵᠠᠷᠴᠢᠮ ᠶᠣᠰᠣᠭᠠᠷ | ᠪᠡᠯᠡ ᠣᠷᠤᠭᠤᠯᠬᠤ ᠠᠵᠢᠯᠯᠠᠭᠠᠨ ᠢ ᠥᠷᠨᠢᠭᠦᠯᠵᠦ᠂ ᠥᠪᠡᠷᠲᠡᠭᠡᠨ ᠡᠵᠡᠨ ᠮᠡᠳᠡᠵᠦ ᠡᠵᠡᠩᠨᠡᠨ᠂ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠬᠡᠷᠡᠭᠲᠡᠢ᠃ | ᠡᠳ᠋ ᠤᠨ ᠵᠠᠰᠠᠭ ᠤᠨ ᠲᠥᠰᠥᠪ ᠪᠣᠯᠣᠨ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ᠂ | ᠳᠣᠲᠣᠭᠠᠳᠤ ᠡᠵᠡᠮᠳᠡᠯ ᠪᠠ ᠭᠠᠳᠠᠨᠠᠬᠢ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠡᠯᠡ ᠣᠷᠣᠭᠤᠯᠤᠯᠲᠠ ᠶᠢᠨ ᠰᠢᠢᠳᠪᠦᠷᠢᠲᠦ | ᠪᠣᠳᠣᠯᠭ᠎ᠠ ᠲᠣᠭᠲᠠᠭᠠᠬᠤ ᠪᠠ ᠲᠦᠭᠰᠢᠭᠦᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠡᠯᠡ ᠮᠥᠩᠭᠦ ᠴᠤᠭᠯᠠᠭᠤᠯᠬᠤ᠂ ᠪᠡᠯᠡ | ᠣᠷᠣᠭᠤᠯᠬᠤ᠂ ᠣᠷᠤᠭᠤᠯᠤᠯᠲᠠ ᠬᠢᠭᠰᠡᠨ ᠤ ᠳᠠᠷᠠᠭ᠎ᠠ ᠬᠠᠮᠢᠶᠠᠷᠬᠤ᠂ ᠢᠯᠭᠠᠷᠠᠭᠤᠯᠤᠨ ᠪᠣᠳᠣᠬᠤ᠂ ᠪᠤᠴᠠᠭᠠᠵᠤ ᠭᠠᠷᠭᠠᠬᠤ ᠵᠡᠷᠭᠡ ᠳᠤ ᠵᠠᠬ᠎ᠠ ᠳᠡᠯᠭᠡᠭᠦᠷᠴᠢᠯᠡᠨ | ᠠᠵᠢᠯᠯᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠵᠠᠬ᠎ᠠ ᠳᠡᠯᠭᠡᠭᠦᠷ ᠢᠶᠠᠷ ᠰᠢᠢᠳᠪᠦᠷᠢᠯᠡᠭᠦᠯᠬᠦ ᠶᠢ ᠪᠠᠷᠢᠮᠲᠠᠯᠠᠨ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ | ᠪᠠᠷᠢᠮᠲᠠᠯᠠᠵᠤ᠂ ᠵᠠᠰᠠᠭ ᠤᠨ ᠣᠷᠳᠣᠨ ᠵᠢᠴᠢ ᠬᠠᠷᠢᠶ᠎ᠠ ᠪᠦᠬᠦᠢ ᠰᠠᠯᠠᠭ᠎ᠠ ᠮᠥᠴᠢᠷ ᠤᠳ ᠰᠠᠭᠤᠷᠢ ᠮᠥᠩᠭᠦᠨ ᠤ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ | ᠶᠠᠪᠤᠳᠠᠯ ᠳᠤ ᠣᠷᠣᠯᠴᠠᠵᠤ ᠪᠣᠯᠬᠤ ᠦᠭᠡᠢ᠃ | ᠭᠤᠴᠢᠨ ᠳᠥᠷᠪᠡᠳᠦᠭᠡᠷ ᠵᠦᠢᠯ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ ᠪᠠᠶᠢᠭᠤᠯᠤᠮᠵᠢ ᠨᠢ ᠨᠡᠶᠢᠭᠡᠮ ᠤᠨ ᠬᠥᠷᠥᠩᠭᠡ ᠶᠢᠨ ᠪᠡᠯᠡ ᠭᠠᠷᠭᠠᠭᠴᠢ ᠶᠢᠨ | ᠬᠤᠪᠢ ᠪᠠᠷ ᠰᠠᠭᠤᠷᠢ ᠮᠥᠩᠭᠦ ᠪᠠᠶᠢᠭᠤᠯᠬᠤ ᠳᠤ ᠣᠷᠣᠯᠴᠠᠵᠤ ᠪᠣᠯᠬᠤ ᠦᠭᠡᠢ᠃ ᠰᠠᠭᠤᠷᠢ ᠮᠥᠩᠭᠦ ᠬᠠᠮᠢᠶᠠᠷᠤᠭᠴᠢ ᠬᠢᠭᠡᠳ ᠰᠠᠭᠤᠷᠢ ᠮᠥᠩᠭᠦ ᠶᠢ ᠨᠠᠶᠢᠳᠠᠯᠭ᠎ᠠ ᠪᠠᠷ | ᠬᠠᠮᠢᠶᠠᠷᠬᠤ ᠪᠠᠶᠢᠭᠤᠯᠤᠮᠵᠢ ᠨᠢ ᠠᠳᠠᠯᠢ ᠨᠢᠭᠡᠨ ᠪᠠᠶᠢᠭᠤᠯᠤᠮᠵᠢ ᠪᠤᠶᠤ ᠬᠠᠷᠢᠶᠠᠯᠠᠭᠳᠠᠬᠤ ᠬᠠᠷᠢᠴᠠᠭ᠎ᠠ ᠲᠠᠢ ᠪᠠᠶᠢᠵᠤ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠪᠡᠯᠡ | ᠣᠷᠣᠭᠤᠯᠤᠭᠰᠠᠨ ᠪᠣᠳᠠᠲᠠᠢ ᠪᠡᠯᠡ ᠮᠥᠩᠭᠦ ︵ᠥᠪᠡᠷᠲᠡᠭᠡᠨ ᠵᠠᠰᠠᠬᠤ ᠣᠷᠣᠨ ᠤ ᠭᠠᠳᠠᠨᠠᠬᠢ ᠠᠵᠤ ᠠᠬᠤᠶᠢᠯᠠᠯ ᠳᠤ ᠪᠡᠯᠡ ᠣᠷᠣᠭᠤᠯᠵᠤ᠂ ᠲᠤᠰ ᠠᠵᠤ ᠠᠬᠤᠶᠢᠯᠠᠯ ᠨᠢ | ᠰᠲ᠋ᠣᠺ ᠤᠨ ᠡᠷᠬᠡ ᠶᠢᠨ ᠠᠷᠭ᠎ᠠ ᠮᠠᠶ᠋ᠢᠭ ᠢᠶᠠᠷ ᠥᠪᠡᠷᠲᠡᠭᠡᠨ ᠵᠠᠰᠠᠬᠤ ᠣᠷᠣᠨ ᠳᠤ ᠨᠢᠭᠡᠨᠲᠡ ᠪᠠᠶᠢᠭ᠎ᠠ ᠪᠤᠶᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ | ᠣᠷᠤᠭᠤᠯᠬᠤ ᠶᠢ ᠪᠠᠭᠲᠠᠭᠠᠨ᠎ᠠ︶ ᠨᠢ ᠪᠣᠳᠠᠲᠠᠢ ᠲᠤᠰᠢᠶᠠᠭᠰᠠᠨ ᠪᠡᠯᠡ ᠮᠥᠩᠭᠦᠨ ᠤ ᠪᠠᠨ 80% ᠠᠴᠠ ᠳᠣᠣᠷ᠎ᠠ ᠪᠠᠶᠢᠵᠤ ᠪᠣᠯᠬᠤ ᠦᠭᠡᠢ᠃ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ᠂ ᠰᠠᠭᠤᠷᠢ ᠮᠥᠩᠭᠦᠨ ᠤ ᠵᠥᠪᠯᠡᠯᠴᠡᠭᠡᠷ ᠲᠤ ᠪᠣᠯᠵᠣᠵᠤ ᠲᠣᠭᠲᠠᠭᠰᠠᠨ | ᠠᠵᠤ ᠦᠢᠯᠡᠰ ᠤᠨ ᠬᠦᠷᠢᠶᠡᠨ ᠤ ᠬᠠᠷᠢᠴᠠᠯ ᠨᠢ ᠰᠠᠭᠤᠷᠢ ᠮᠥᠩᠭᠦ ᠴᠤᠭᠯᠠᠭᠤᠯᠬᠤ ᠬᠡᠪᠴᠢᠶᠡᠵᠢᠯ ᠪᠤᠶᠤ ᠠᠮᠠᠯᠠᠭᠰᠠᠨ ᠪᠡᠯᠡ ᠭᠠᠷᠭᠠᠬᠤ ᠲᠣᠭᠠᠨ ᠤ 60% ᠠᠴᠠ | ᠳᠣᠣᠷ᠎ᠠ ᠪᠠᠶᠢᠵᠤ ᠪᠣᠯᠬᠤ ᠦᠭᠡᠢ᠃ ᠳᠠᠩ ᠭᠠᠭᠴᠠ ᠠᠵᠤ ᠠᠬᠤᠶᠢᠯᠠᠯ ᠳᠠᠬᠢ ᠪᠡᠯᠡ ᠣᠷᠤᠭᠤᠯᠤᠯᠲᠠ ᠶᠢᠨ ᠲᠤᠭ᠎ᠠ ᠶᠢ ᠰᠠᠭᠤᠷᠢ ᠮᠥᠩᠭᠦᠨ ᠤ ᠡᠳ᠋ ᠬᠥᠷᠥᠩᠭᠡ ᠶᠢᠨ | ᠶᠡᠷᠦᠩᠬᠡᠢ ᠥᠷᠲᠡᠭ ᠤᠨ 20% ᠠᠴᠠ ᠬᠡᠲᠦᠷᠡᠭᠦᠯᠵᠦ ᠪᠤᠯᠬᠤ ᠦᠭᠡᠢ᠃ | ᠭᠤᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠨᠢ ᠨᠡᠶᠢᠭᠡᠮ ᠤᠨ ᠬᠥᠷᠥᠩᠭᠡ ᠶᠢ ᠬᠥᠲᠥᠯᠥᠨ | ᠵᠢᠯᠤᠭᠤᠳᠴᠤ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠠ ᠪᠠᠭᠤᠷᠠᠢ ᠭᠤᠭᠴᠣᠭᠠᠨ ᠳᠤ ᠪᠡᠯᠡ ᠣᠷᠤᠭᠤᠯᠤᠯᠲᠠ | ᠬᠢᠯᠭᠡᠵᠦ᠂ ᠬᠠᠮᠢᠶ᠎ᠠ ᠪᠦᠬᠦᠢ ᠠᠵᠤ ᠦᠢᠯᠡᠰ ᠪᠠ ᠬᠦᠷᠢᠶᠡᠨ ᠤ ᠬᠥᠭᠵᠢᠯᠲᠡ ᠶᠢ ᠳᠡᠮᠵᠢᠬᠦ ᠳᠤ ᠳᠣᠣᠷᠠᠬᠢ ᠲᠤᠬᠠᠶᠢᠯᠠᠭᠰᠠᠨ ᠠᠵᠢᠯ ᠢ ᠡᠷᠬᠢᠯᠡᠵᠦ ᠪᠣᠯᠬᠤ ᠦᠭᠡᠢ᠄ | ︵ᠨᠢᠭᠡ︶ ᠢᠯᠡ ᠬᠤᠪᠢᠴᠠᠭᠠᠲᠤ ᠣᠷᠤᠭᠤᠯᠤᠯᠲᠠ ᠨᠢ ᠦᠨᠡᠨ ᠳᠤ ᠪᠠᠨ ᠠᠪᠴᠠᠭᠠᠲᠤ ᠣᠷᠤᠭᠤᠯᠤᠯᠲᠠ ᠪᠣᠯᠬᠤ ᠵᠡᠷᠭᠡ ᠬᠡᠯᠪᠡᠷᠢ ᠶᠢ ᠨᠢ ᠥᠭᠡᠷᠡᠲᠦᠭᠦᠯᠦᠭᠰᠡᠨ | ᠵᠠᠰᠠᠭ ᠤᠨ ᠣᠷᠳᠣᠨ ᠤ ᠥᠷᠢ ᠥᠭᠴᠡᠭᠡ ᠶᠢ ᠨᠡᠮᠡᠭᠳᠡᠭᠦᠯᠬᠦ ᠠᠵᠢᠯᠯᠠᠭ᠎ᠠ︔ | ︵ᠬᠤᠶᠠᠷ︶ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠠᠴᠠ ᠭᠠᠳᠠᠨᠠᠬᠢ ᠳᠠᠭᠠᠭᠠᠯᠲᠠ ᠬᠢᠬᠦ᠂ ᠪᠠᠷᠢᠴᠠᠭᠠᠯᠠᠬᠤ᠂ ᠨᠠᠶᠢᠳᠠᠯᠭ᠎ᠠ ᠶᠢᠨ ᠵᠢᠭᠡᠯᠡᠯᠭᠡ ᠵᠡᠷᠭᠡ | ᠲᠤᠬᠠᠶᠢᠯᠠᠭᠰᠠᠨ ᠠᠵᠢᠯ︔ | ︵ᠭᠤᠷᠪᠠ︶ ᠢᠯᠡ ᠪᠠᠷ ᠠᠷᠠᠯᠵᠢᠶᠠᠯᠠᠬᠤ ᠲᠥᠷᠥᠯ ᠤᠨ ᠰᠲ᠋ᠣᠺ ︵ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠪᠠᠷ ᠵᠣᠷᠢᠯᠭ᠎ᠠ | ᠪᠣᠯᠭᠠᠭᠰᠠᠨ ᠨᠢ ᠡᠭᠦᠨ ᠳᠤ ᠪᠠᠭᠲᠠᠬᠤ ᠦᠭᠡᠢ︶᠂ ᠬᠤᠭᠤᠴᠠᠭᠠᠲᠤ ᠪᠠᠷᠠᠭ᠎ᠠ᠂ ᠭᠡᠷ ᠪᠠᠶᠢᠰᠢᠩ ᠭᠠᠵᠠᠷ ᠬᠥᠷᠥᠩᠭᠡ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ᠂ ᠢᠲᠡᠭᠡᠮᠵᠢ ᠨᠠᠶᠢᠳᠠᠯᠭ᠎ᠠ ᠶᠢᠨ ᠨᠡᠷᠡᠳᠭᠦᠨ᠂ ᠪᠡᠯᠡ ᠪᠠᠨ ᠪᠠᠲᠤᠯᠠᠬᠤ ᠪᠤᠰᠤ ᠬᠡᠯᠪᠡᠷᠢ ᠶᠢᠨ ᠡᠳ᠋ ᠬᠥᠷᠥᠩᠭᠡ ᠠᠬᠤᠶᠢᠯᠠᠬᠤ ᠨᠡᠷᠡᠳᠭᠦᠨ᠂ | ᠳᠠᠭᠠᠳᠬᠠᠯ ᠤᠨ ᠲᠥᠯᠥᠪᠯᠡᠭᠡ ᠵᠢᠴᠢ ᠪᠤᠰᠤᠳ ᠮᠥᠩᠭᠦᠨ ᠭᠦᠢᠯᠭᠡᠭᠡᠨ ᠤ ᠡᠭᠦᠰᠦᠮᠡᠯ ᠵᠦᠢᠯ︔ | ︵ᠳᠥᠷᠪᠡ︶ ᠶᠠᠮᠠᠷᠪᠠ ᠭᠤᠷᠪᠠᠳᠠᠭᠢ ᠡᠲᠡᠭᠡᠳ ᠢ ᠢᠪᠡᠭᠡᠨ ᠲᠡᠳᠬᠦᠬᠦ᠂ ᠬᠠᠨᠳᠢᠪᠯᠡᠨ ᠲᠤᠰᠠᠯᠠᠬᠤ ︵ᠵᠥᠪᠰᠢᠶᠡᠷᠡᠭᠦᠯᠦᠭᠰᠡᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠪᠡᠯᠡᠭᠯᠡᠨ ᠬᠦᠷᠭᠡᠭᠰᠡᠨ ᠨᠢ ᠡᠭᠦᠨ ᠳᠤ ᠪᠠᠭᠲᠠᠬᠤ ᠦᠭᠡᠢ︶︔ | ︵ᠲᠠᠪᠤ︶ ᠬᠠᠳᠠᠭᠠᠯᠠᠮᠵᠢ ᠶᠢᠨ ᠵᠣᠭᠤᠰ ᠢ ᠲᠡᠳᠡᠨ ᠠᠪᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠴᠤᠭᠯᠠᠭᠤᠯᠵᠤ ᠬᠤᠷᠢᠶᠠᠬᠤ᠂ ᠡᠰᠡᠬᠦᠯ᠎ᠡ ᠭᠤᠷᠪᠠᠳᠤᠭᠠᠷ | ᠡᠲᠡᠭᠡᠳ ᠲᠤ ᠵᠢᠭᠡᠯᠡᠯᠭᠡ ᠪᠣᠯᠣᠨ ᠪᠡᠯᠡ ᠮᠥᠩᠭᠦ ᠶᠢ ᠲᠦᠷ ᠵᠢᠭᠡᠯᠡᠭᠦᠯᠬᠦ︔ | ︵ᠵᠢᠷᠭᠤᠭ᠎ᠠ︶ ᠬᠢᠵᠠᠭᠠᠷ ᠦᠭᠡᠢ ᠬᠤᠯᠪᠣᠯᠳᠠᠳᠤ ᠬᠠᠷᠢᠭᠤᠴᠠᠯᠭ᠎ᠠ ᠡᠭᠦᠷᠭᠡᠯᠡᠬᠦ ᠭᠠᠳᠠᠭᠠᠳᠤ ᠪᠡᠯᠡ ᠣᠷᠣᠭᠤᠯᠤᠯᠲᠠ︔ | ︵ᠳᠤᠯᠤᠭ᠎ᠠ︶ ᠢᠲᠡᠭᠡᠮᠵᠢᠲᠦ ᠨᠠᠶᠢᠳᠠᠯᠭ᠎ᠠ ᠲᠠᠷᠬᠠᠭᠠᠬᠤ ᠪᠤᠶᠤ ᠬᠥᠷᠥᠩᠭᠡ ᠮᠥᠩᠭᠦ ᠠᠬᠤᠶᠢᠯᠠᠬᠤ ᠨᠡᠷᠡᠳᠭᠦᠨ ᠢ ᠨᠡᠶᠢᠯᠡᠭᠦᠯᠵᠦ ᠪᠡᠯᠡ ᠮᠥᠩᠭᠦ ᠴᠤᠭᠯᠠᠭᠤᠯᠬᠤ︔ | ︵ᠨᠠᠢᠮᠠ︶ ᠤᠯᠤᠰ ᠤᠨ ᠲᠥᠷᠥ ᠶᠢᠨ ᠪᠣᠳᠣᠯᠭ᠎ᠠ ᠳᠤ ᠢᠯᠡ ᠪᠠᠷ ᠵᠠᠷᠯᠢᠭᠳᠠᠨ ᠴᠠᠭᠠᠵᠠᠯᠠᠭᠰᠠᠨ ᠬᠦᠷᠢᠶ᠎ᠡ ᠴᠠᠷᠠᠭ᠎ᠠ ᠪᠣᠯᠣᠨ ᠠᠵᠢᠯ ᠲᠥᠷᠥᠯ ᠳᠤ ᠪᠡᠯᠡ | ᠣᠷᠤᠭᠤᠯᠬᠤ︔ | ︵ᠶᠢᠰᠦ︶ ᠬᠠᠤᠯᠢ ᠴᠠᠭᠠᠵᠠ ᠬᠠᠤᠯᠢ ᠲᠣᠭᠲᠠᠭᠠᠯ ᠳᠤ ᠡᠷᠬᠢᠯᠡᠬᠦ ᠶᠢ ᠴᠠᠭᠠᠵᠠᠯᠠᠭᠰᠠᠨ ᠠᠵᠢᠯ ᠲᠦᠷᠦᠯ᠃ | ᠭᠤᠴᠢᠨ ᠳᠣᠯᠣᠳᠤᠭᠠᠷ ᠵᠦᠢᠯ ᠰᠠᠭᠤᠷᠢ ᠮᠥᠩᠭᠦ ᠬᠠᠮᠢᠶᠠᠷᠤᠭᠴᠢ ᠵᠢᠴᠢ ᠠᠵᠢᠯ ᠡᠷᠬᠢᠯᠡᠭᠰᠡᠳ ᠨᠢ ᠰᠠᠭᠤᠷᠢ ᠮᠥᠩᠭᠦᠨ ᠤ ᠡᠳ᠋ ᠬᠥᠷᠥᠩᠭᠡ ᠪᠤᠶᠤ ᠲᠤᠰᠢᠶᠠᠯ ᠢᠶᠠᠨ | ᠠᠰᠢᠭᠯᠠᠨ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠠᠷᠠᠯᠲᠠ ᠵᠢᠴᠢ | ᠡᠭᠦᠨ ᠲᠠᠢ ᠬᠤᠯᠪᠣᠭᠳᠠᠬᠤ ᠡᠲᠡᠭᠡᠳ ᠠᠴᠠ ᠠᠰᠠᠭᠤᠨ ᠯᠠᠪᠯᠠᠬᠤ ᠵᠠᠷᠤᠳᠠᠯ᠂ ᠭᠠᠷᠳᠠᠮ ᠤᠨ ᠵᠠᠷᠤᠳᠠᠯ᠂ ᠡᠳ᠋ ᠤᠨ ᠶᠠᠪᠤᠳᠠᠯ ᠤᠨ ᠵᠥᠪᠯᠡᠭᠴᠢ ᠶᠢᠨ ᠵᠠᠷᠤᠳᠠᠯ ᠬᠤᠷᠢᠶᠠᠬᠤ | ᠵᠡᠷᠭᠡ ᠨᠡᠷ᠎ᠡ ᠪᠠᠷ᠂ ᠬᠤᠪᠢ ᠪᠡᠶ᠎ᠡ ᠪᠤᠶᠤ ᠪᠡᠯᠡ ᠣᠷᠣᠭᠤᠯᠤᠭᠴᠢ ᠠᠴᠠ ᠭᠠᠳᠠᠨᠠᠬᠢ ᠬᠥᠮᠥᠨ ᠳᠤ ᠬᠠᠤᠯᠢ ᠪᠤᠰᠤ ᠠᠰᠢᠭ ᠲᠤᠰᠠ ᠬᠥᠭᠡᠭᠡᠴᠡᠯᠳᠦᠨ᠂ ᠠᠰᠢᠭ ᠲᠤᠰᠠ | ᠬᠦᠷᠭᠡᠬᠦ ᠦᠢᠯᠡ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠃ | ᠭᠤᠴᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠵᠢᠭᠡᠯᠡᠯᠭᠡ ᠶᠢᠨ ᠪᠡᠯᠡ ᠮᠥᠩᠭᠦ᠂ ᠣᠷᠣᠨ ᠨᠤᠲᠤᠭ ᠤᠨ ᠵᠠᠰᠠᠭ ᠤᠨ | ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠪᠠᠷ ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠤᠶᠤ ᠪᠡᠯᠡ | ᠣᠷᠣᠭᠤᠯᠵᠤ ᠪᠣᠯᠬᠤ ᠦᠭᠡᠢ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠠᠰᠢᠭᠯᠠᠬᠤ ᠵᠡᠷᠭᠡ ᠠᠷᠭ᠎ᠠ ᠬᠡᠯᠪᠡᠷᠢ ᠪᠠᠷ ᠬᠠᠤᠯᠢ | ᠲᠣᠭᠲᠠᠭᠠᠯ ᠠᠴᠠ ᠵᠥᠷᠢᠴᠡᠵᠦ ᠬᠡᠯᠪᠡᠷᠢ ᠶᠢ ᠨᠢ ᠥᠭᠡᠷᠡᠲᠦᠭᠦᠯᠦᠨ ᠵᠢᠭᠡᠯᠡᠯᠭᠡ ᠠᠪᠬᠤ ᠶᠢ ᠡᠷᠡᠰ ᠴᠠᠭᠠᠵᠠᠯᠠᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠬᠡᠯᠪᠡᠷᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠪᠡᠯᠡ ᠲᠣᠬᠢᠷᠠᠭᠤᠯᠵᠤ ᠲᠦᠷᠢᠶᠡᠰᠦᠯᠡᠭᠦᠯᠬᠦ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠤᠰᠤ | ᠪᠠᠶᠢᠭᠤᠯᠤᠮᠵᠢ ᠳᠤ ᠪᠡᠯᠡ ᠲᠣᠬᠢᠷᠠᠭᠤᠯᠵᠤ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠡᠭᠦᠰᠬᠡᠨ ᠪᠠᠶᠢᠭᠤᠯᠬᠤ ᠶᠢ ᠡᠷᠡᠰ ᠴᠠᠭᠠᠵᠠᠯᠠᠨ᠎ᠠ︔ | ᠶᠠᠮᠠᠷᠪᠠ ᠠᠷᠭ᠎ᠠ ᠮᠠᠶ᠋ᠢᠭ ᠢᠶᠠᠷ ᠥᠭᠭᠦᠪᠡᠰᠦ ︵ᠬᠤᠷᠢᠶᠠᠪᠠᠰᠤ︶ ᠵᠣᠬᠢᠬᠤ ᠳᠠᠩᠰᠠᠨ ᠵᠣᠭᠤᠰ ᠤᠨ ᠭᠡᠷ᠎ᠡ ᠶᠢ ᠬᠤᠳᠠᠯ ᠢᠶᠠᠷ ᠵᠣᠬᠢᠶᠠᠬᠤ ᠪᠤᠶᠤ ᠡᠷᠬᠡ ᠮᠡᠳᠡᠯ ᠠᠴᠠ ᠪᠠᠨ | ᠳᠠᠪᠠᠭᠤᠯᠤᠨ ᠲᠣᠭᠲᠠᠵᠤ ᠪᠣᠯᠬᠤ ᠦᠭᠡᠢ ᠪᠠᠶᠢᠬᠤ ᠶᠢᠨ ᠬᠠᠮᠲᠤ ᠰᠠᠭᠤᠷᠢ ᠮᠥᠩᠭᠦ ᠬᠠᠮᠢᠶᠠᠷᠤᠭᠴᠢ ᠪᠤᠶᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠰᠠᠭᠤᠷᠢ ᠮᠥᠩᠭᠦ ᠶᠢᠨ ᠪᠡᠯᠡ ᠲᠣᠬᠢᠷᠠᠭᠤᠯᠭ᠎ᠠ ᠳᠤ ᠬᠠᠪᠰᠤᠷᠴᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠡᠯ᠎ᠡ ᠪᠡᠯᠡ ᠭᠠᠷᠭᠠᠭᠴᠢ ᠨᠢ ︽ᠠᠳᠠᠯᠢ ᠰᠲ᠋ᠣᠺ ᠲᠤ | ᠠᠳᠠᠯᠢᠬᠠᠨ ᠡᠷᠬᠡ᠂ ᠠᠰᠢᠭ ᠲᠤᠰᠠ ᠶᠢ ᠬᠠᠮᠲᠤ ᠪᠠᠷ ᠬᠦᠷᠲᠡᠬᠦ᠂ ᠲᠦᠭᠰᠢᠭᠦᠷᠢ ᠶᠢ ᠬᠠᠮᠲᠤ ᠪᠠᠷ ᠡᠭᠦᠷᠭᠡᠯᠡᠬᠦ︾ ᠵᠠᠷᠴᠢᠮ ᠶᠣᠰᠣᠭᠠᠷ᠂ ᠠᠰᠢᠭ ᠣᠯᠵᠠᠪᠤᠷᠢ ᠶᠢ | ᠰᠢᠢᠳᠪᠦᠷᠢᠯᠡᠬᠦ ᠪᠠ ᠠᠯᠳᠠᠭᠳᠠᠯ ᠢ ᠡᠭᠦᠷᠭᠡᠯᠡᠬᠦ ᠠᠷᠭ᠎ᠠ ᠬᠡᠯᠪᠡᠷᠢ ᠪᠠᠨ ᠲᠣᠳᠣᠷᠬᠠᠢ ᠪᠣᠯᠵᠣᠨ ᠲᠣᠭᠲᠠᠵᠤ᠂ ᠪᠡᠯᠡ ᠣᠷᠣᠭᠤᠯᠤᠯᠲᠠ ᠶᠢᠨ ᠬᠠᠷᠢᠭᠤ ᠨᠢ ᠭᠤᠣᠯᠳᠠᠭᠤ | ᠲᠥᠷᠥᠯ ᠵᠦᠢᠯ ᠤᠨ ᠠᠰᠢᠭ ᠣᠯᠵᠠᠪᠤᠷᠢ ᠠᠴᠠ ᠢᠷᠡᠯᠲᠡ ᠲᠠᠢ ᠪᠠᠶᠢᠬᠤ ᠪᠠᠨ ᠲᠣᠳᠣᠷᠬᠠᠶᠢᠯᠠᠬᠤ ᠬᠡᠷᠡᠭᠲᠡᠢ᠃ ᠵᠠᠰᠠᠭ ᠤᠨ ᠣᠷᠳᠣᠨ ᠳᠤ ᠬᠠᠷᠢᠶᠠᠯᠠᠭᠳᠠᠬᠤ ᠪᠡᠯᠡ | ᠣᠷᠣᠭᠤᠯᠤᠯᠲᠠ ᠶᠢᠨ ᠠᠰᠢᠭ ᠣᠯᠵᠠᠪᠤᠷᠢ ᠪᠣᠯᠣᠨ ᠬᠦᠦ ᠮᠥᠩᠭᠦ ᠵᠡᠷᠭᠡ ᠶᠢ ᠦᠷᠭᠦᠯᠵᠢᠯᠡᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠳᠤ ᠡᠷᠭᠢᠯᠳᠦᠭᠦᠯᠦᠨ | ᠬᠡᠷᠡᠭᠯᠡᠬᠦ ᠪᠠᠷ ᠲᠣᠳᠣᠷᠬᠠᠢ ᠪᠣᠯᠵᠣᠨ ᠲᠣᠭᠲᠠᠭᠰᠠᠨ ᠠᠴᠠ ᠪᠤᠰᠤᠳ ᠢ ᠨᠢ᠂ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠭᠦᠢᠴᠡᠳ ᠲᠤᠭ᠎ᠠ ᠪᠠᠷ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠲᠡᠢ᠃ ᠪᠡᠯᠡ | ᠣᠷᠣᠭᠤᠯᠤᠯᠲᠠ ᠶᠢᠨ ᠰᠠᠭᠤᠷᠢ ᠮᠥᠩᠭᠦᠨ ᠤ ᠠᠯᠳᠠᠭᠳᠠᠯ ᠢ ᠪᠡᠯᠡ ᠭᠠᠷᠭᠠᠭᠴᠢ ᠬᠠᠮᠲᠤ ᠳᠤ ᠪᠠᠨ ᠡᠭᠦᠷᠭᠡᠯᠡᠵᠦ᠂ ᠵᠠᠰᠠᠭ ᠤᠨ ᠣᠷᠳᠣᠨ ᠨᠢ ᠪᠡᠯᠡ ᠭᠠᠷᠭᠠᠭᠰᠠᠨ | ᠲᠤᠭ᠎ᠠ ᠪᠠᠷ ᠬᠡᠮᠵᠢᠶᠡᠯᠡᠨ ᠬᠢᠵᠠᠭᠠᠷᠲᠤ ᠬᠠᠷᠢᠭᠤᠴᠠᠯᠭ᠎ᠠ ᠡᠭᠦᠷᠭᠡᠯᠡᠨ᠎ᠡ᠃ | ᠳᠥᠴᠢᠳᠦᠭᠡᠷ ᠵᠦᠢᠯ ᠵᠠᠰᠠᠭ ᠤᠨ ᠣᠷᠳᠣᠨ ᠤ ᠪᠡᠯᠡ ᠭᠠᠷᠭᠠᠬᠤ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠶᠢᠨ ᠲᠤᠰᠠᠳᠠ᠂ | ᠵᠠᠰᠠᠭ ᠤᠨ ᠣᠷᠳᠣᠨ ᠠᠴᠠ ᠵᠣᠬᠢᠰᠲᠠᠢ ᠪᠠᠷ ᠠᠰᠢᠭ ᠲᠠᠯᠪᠢᠵᠤ ᠪᠣᠯᠣᠨ᠎ᠠ᠂ ᠭᠡᠪᠡᠴᠦ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ ᠬᠥᠷᠥᠩᠭᠡ ᠶᠢᠨ ᠲᠠᠯ᠎ᠠ ᠶᠢᠨ ᠪᠡᠯᠡ | ᠣᠷᠣᠭᠤᠯᠤᠯᠲᠠ ᠶᠢᠨ ᠡᠬᠡ ᠮᠥᠩᠭᠦ ᠶᠢ ᠡᠭᠡᠭᠦᠯᠦᠨ ᠬᠤᠳᠠᠯᠳᠤᠵᠤ ᠠᠪᠬᠤ ᠪᠠᠷ ᠠᠮᠠᠯᠠᠵᠤ ᠪᠣᠯᠬᠤ ᠦᠭᠡᠢ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ | ᠬᠥᠷᠥᠩᠭᠡ ᠶᠢᠨ ᠲᠠᠯ᠎ᠠ ᠶᠢᠨ ᠪᠡᠯᠡ ᠣᠷᠣᠭᠤᠯᠤᠯᠲᠠ ᠶᠢᠨ ᠡᠬᠡ ᠮᠥᠩᠭᠦ ᠶᠢᠨ ᠬᠤᠬᠢᠷᠠᠯ ᠢ ᠡᠭᠦᠷᠭᠡᠯᠡᠵᠦ ᠪᠣᠯᠬᠤ ᠦᠭᠡᠢ᠂ ᠶᠠᠮᠠᠷᠪᠠ ᠠᠷᠭ᠎ᠠ ᠮᠠᠶ᠋ᠢᠭ ᠢᠶᠠᠷ ᠨᠡᠶᠢᠭᠡᠮ ᠤᠨ | ᠬᠥᠷᠥᠩᠭᠡ ᠶᠢᠨ ᠲᠠᠯ᠎ᠠ ᠳᠤ ᠬᠠᠮᠤᠭ ᠤᠨ ᠨᠠᠭᠠᠲᠤ ᠵᠠᠬ᠎ᠠ ᠶᠢᠨ ᠠᠰᠢᠭ ᠣᠯᠵᠠᠪᠤᠷᠢ ᠶᠢ ᠠᠮᠠᠯᠠᠵᠤ ᠪᠣᠯᠬᠤ ᠦᠭᠡᠢ᠂ ᠬᠢᠵᠠᠭᠠᠷᠲᠤ ᠬᠤᠷᠰᠢᠭᠰᠠᠨ ᠳᠦᠷᠢᠮᠲᠦ ᠰᠠᠭᠤᠷᠢ | ᠮᠥᠩᠭᠦ ᠵᠡᠷᠭᠡ ᠶᠠᠮᠠᠷᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠲᠤ ᠢᠯᠡᠭᠦᠴᠡ ᠨᠡᠮᠡᠯᠲᠡ ᠵᠦᠢᠯ ᠵᠤᠷᠪᠤᠰ ᠨᠡᠮᠡᠵᠦ ᠬᠡᠯᠪᠡᠷᠢ ᠶᠢ ᠨᠢ | ᠥᠭᠡᠷᠡᠲᠦᠭᠦᠯᠦᠨ ᠵᠢᠭᠡᠯᠡᠯᠭᠡ ᠠᠪᠴᠤ ᠪᠣᠯᠬᠤ ᠦᠭᠡᠢ᠃ ᠲᠥᠷᠥ ᠶᠢᠨ ᠶᠠᠪᠤᠳᠠᠯ ᠤᠨ ᠬᠤᠷᠢᠶᠠᠨ ᠠᠴᠠ ᠠᠰ ᠲᠤ ᠪᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ | ᠦᠭᠡᠢ᠃ | ᠳᠥᠴᠢᠨ ᠨᠢᠭᠡᠳᠦᠭᠡᠷ ᠵᠦᠢᠯ ᠰᠠᠭᠤᠷᠢ ᠮᠥᠩᠭᠦᠨ ᠤ ᠳᠦᠷᠢᠮ ᠲᠣᠭᠲᠠᠭᠠᠯ ᠳᠤ ᠲᠤᠰᠢᠶᠠᠯ ᠢᠶᠠᠨ ᠭᠦᠢᠴᠡᠳᠬᠡᠬᠦ ᠬᠠᠷᠢᠭᠤᠴᠠᠯᠭ᠎ᠠ ᠠᠴᠠ ᠬᠡᠯᠲᠦᠷᠢᠭᠦᠯᠬᠦ ᠵᠦᠢᠯ | ᠵᠤᠷᠪᠤᠰ ᠪᠣᠯᠣᠨ ᠰᠢᠢᠳᠬᠡᠨ ᠲᠣᠷᠭᠠᠬᠤ ᠲᠣᠭᠲᠠᠴᠠ ᠶᠢ ᠪᠣᠯᠵᠣᠵᠤ ᠲᠣᠭᠲᠠᠭᠠᠭᠰᠠᠨ ᠪᠠᠶᠢᠬᠤ ᠬᠡᠷᠡᠭᠲᠡᠢ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠢᠶᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠭᠰᠡᠨ ᠪᠣᠯᠪᠠᠴᠤ ᠲᠥᠷᠥ ᠶᠢᠨ ᠪᠣᠳᠣᠯᠭ᠎ᠠ ᠶᠢᠨ | ᠬᠤᠪᠢᠷᠠᠯᠲᠠ ᠵᠡᠷᠭᠡ ᠬᠦᠴᠦᠨ ᠵᠦᠢᠯ ᠠᠴᠠ ᠪᠣᠯᠵᠤ ᠰᠠᠭᠤᠷᠢ ᠮᠥᠩᠭᠦᠨ ᠤ ᠪᠡᠯᠡ ᠣᠷᠣᠭᠤᠯᠤᠯᠲᠠ ᠪᠦᠲᠦᠭᠰᠡᠨ ᠦᠭᠡᠢ ᠪᠤᠶᠤ ᠬᠤᠬᠢᠷᠠᠯ ᠳᠤ ᠤᠴᠠᠷᠠᠭᠰᠠᠨ᠂ | ᠵᠢᠱᠢᠭᠰᠡᠨ ᠬᠠᠷᠠᠯᠲᠠ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠮᠥᠷᠲᠡᠭᠡᠨ ᠬᠤᠪᠢ ᠶᠢᠨ ᠠᠰᠢᠭ ᠲᠤᠰᠠ ᠶᠢ ᠡᠰᠡ ᠬᠥᠭᠡᠭᠡᠴᠡᠯᠳᠦᠭᠰᠡᠨ ᠪᠠᠶᠢᠪᠠᠯ᠂ ᠪᠣᠳᠠᠲᠠᠢ | ᠪᠠᠶᠢᠳᠠᠯ ᠢ ᠨᠢ ᠬᠠᠷᠠᠵᠤ ᠠᠯᠳᠠᠰᠢ ᠶᠢ ᠨᠢ ᠠᠭᠤᠴᠢᠯᠠᠨ ᠬᠠᠷᠢᠭᠤᠴᠠᠯᠭ᠎ᠠ ᠠᠴᠠ ᠬᠡᠯᠲᠦᠷᠢᠭᠦᠯᠦᠨ᠎ᠡ᠃ | ᠳᠣᠯᠣᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠪ ᠤᠨ ᠬᠠᠮᠢᠶᠠᠷᠤᠯᠲᠠ | ᠳᠥᠴᠢᠨ ᠬᠤᠶᠠᠳᠤᠭᠠᠷ ᠵᠦᠢᠯ ᠵᠠᠰᠠᠭ ᠤᠨ ᠣᠷᠳᠣᠨ ᠪᠡᠯᠡ ᠭᠠᠷᠭᠠᠵᠤ ᠪᠠᠶᠢᠭᠤᠯᠤᠭᠰᠠᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠳᠤ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠪᠡᠯᠡ ᠭᠠᠷᠭᠠᠬᠤ ᠲᠥᠰᠥᠯ | ᠪᠣᠯᠣᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠤᠬᠠᠢ ᠶᠢᠨ ᠵᠢᠯ ᠤᠨ ᠵᠠᠰᠠᠭ ᠤᠨ ᠣᠷᠳᠣᠨ ᠤ ᠪᠡᠯᠡ | ᠭᠠᠷᠭᠠᠭᠰᠠᠨ ᠲᠤᠭ᠎ᠠ ᠶᠢ ᠣᠨ ᠤ ᠵᠠᠰᠠᠭ ᠤᠨ ᠣᠷᠳᠣᠨ ᠤ ᠲᠥᠰᠥᠪ ᠲᠤ ᠪᠠᠨ ᠣᠷᠣᠭᠤᠯᠬᠤ ᠶᠢᠨ ᠬᠠᠮᠲᠤ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ | ᠳ᠋ᠦᠩ᠂ ᠰᠠᠭᠤᠷᠢ ᠮᠥᠩᠭᠦ ᠶᠢ ᠪᠣᠳᠠᠲᠠᠢ ᠲᠤᠰᠢᠶᠠᠬᠤ ᠵᠥᠪᠯᠡᠯᠴᠡᠭᠡᠷ ᠲᠣᠭᠲᠠᠭᠰᠠᠨ ᠪᠠᠶᠢᠳᠠᠯ᠂ ᠣᠨ ᠤ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠢ | ᠦᠨᠳᠦᠰᠦᠯᠡᠨ ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠮᠥᠩᠭᠦ ᠶᠢ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ | ᠬᠠᠮᠢᠶᠠᠷᠤᠯᠲᠠ ᠶᠢᠨ ᠪᠠᠶᠢᠭᠤᠯᠤᠮᠵᠢ ᠳᠤ ᠰᠠᠯᠭᠠᠨ ᠥᠭᠴᠦ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ | ᠪᠠᠶᠢᠭᠤᠯᠤᠮᠵᠢ ᠨᠢ ᠰᠠᠭᠤᠷᠢ ᠮᠥᠩᠭᠦᠨ ᠤ ᠳᠦᠷᠢᠮ ᠲᠣᠭᠲᠠᠭᠠᠯ ᠢ ᠦᠨᠳᠦᠰᠦᠯᠡᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠰᠠᠯᠭᠠᠨ ᠥᠭᠬᠦ ᠬᠡᠷᠡᠭᠲᠡᠢ᠃ | ᠵᠢᠯ ᠤᠨ ᠡᠴᠦᠰ ᠲᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠪ ᠤᠨ ᠲᠣᠬᠢᠷᠠᠭᠤᠯᠤᠯᠲᠠ ᠪᠦᠬᠦᠢ ᠬᠡᠰᠡᠭ ᠲᠤ ᠰᠤᠯᠠ | ᠲᠠᠯᠪᠢᠭᠳᠠᠵᠤ ᠪᠠᠶᠢᠭ᠎ᠠ ᠬᠡᠰᠡᠭ ᠪᠠᠶᠢᠪᠠᠯ᠂ ᠡᠳ᠋ ᠤᠨ ᠵᠠᠰᠠᠭ ᠲᠤ ᠡᠭᠡᠭᠦᠯᠦᠨ ᠬᠤᠷᠢᠶᠠᠵᠤ ᠨᠢᠭᠡᠳᠦᠯᠲᠡᠢ ᠲᠥᠯᠥᠪᠯᠡᠵᠦ ᠬᠡᠷᠡᠭᠯᠡᠨ᠎ᠡ᠃ | ᠳᠥᠴᠢᠨ ᠭᠤᠷᠪᠠᠳᠤᠭᠠᠷ ᠵᠦᠢᠯ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠰᠢᠯᠵᠢᠭᠦᠯᠦᠨ ᠲᠥᠯᠥᠬᠦ ᠪᠠᠷ ᠳᠠᠮᠵᠢᠭᠤᠯᠤᠨ ᠳᠣᠣᠷᠠᠳᠤ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠨᠢ ᠳᠡᠮᠵᠢᠵᠦ ᠪᠣᠯᠣᠨ᠎ᠠ᠂ ᠮᠥᠨ ᠴᠦ ᠳᠣᠣᠷᠠᠳᠤ ᠱᠠᠲᠤᠨ ᠤ | ᠠᠷᠠᠳ ᠤᠨ ᠵᠠᠰᠠᠭ ᠤᠨ ᠣᠷᠳᠣᠨ ᠯᠤᠭ᠎ᠠ ᠬᠠᠮᠲᠤ ᠪᠠᠷ ᠪᠡᠯᠡ ᠭᠠᠷᠭᠠᠵᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠤᠭᠰᠠᠨ ᠪᠣᠯᠣᠨ᠎ᠠ᠃ | ᠳᠥᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠳᠤ ᠪᠡᠯᠡ ᠮᠥᠩᠭᠦ ᠰᠠᠯᠭᠠᠨ ᠥᠭᠬᠦ ᠳᠤ ᠪᠠᠨ᠂ ᠲᠤᠰ ᠬᠤᠭᠤᠴᠠᠭᠠᠨ ᠤ ᠲᠥᠰᠥᠪ ᠤᠨ ᠵᠠᠷᠤᠯᠭ᠎ᠠ ᠶᠢ ᠨᠡᠮᠡᠵᠦ ᠵᠢᠭᠰᠠᠭᠠᠨ᠂ ᠵᠠᠷᠤᠯᠭ᠎ᠠ ᠶᠢᠨ ᠴᠢᠭᠯᠡᠯ ᠢᠶᠠᠷ | ᠬᠠᠷᠠᠭᠠᠯᠵᠠᠭᠰᠠᠨ ᠵᠠᠷᠤᠯᠭ᠎ᠠ ᠶᠢᠨ ᠲᠥᠷᠥᠯ ᠬᠤᠪᠢᠶᠠᠵᠤ ᠠᠩᠭᠢᠯᠠᠭᠰᠠᠨ ᠵᠦᠢᠯ ᠢᠶᠠᠷ ᠳᠠᠮᠵᠢᠭᠤᠯᠵᠤ ᠲᠤᠰᠬᠠᠬᠤ ᠬᠡᠷᠡᠭᠲᠡᠢ᠃ | ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢ ᠣᠯᠬᠤ ᠳᠤ ᠪᠠᠨ᠂ ᠲᠤᠰ ᠬᠤᠭᠤᠴᠠᠭᠠᠨ ᠤ ᠲᠥᠰᠥᠪ ᠤᠨ ᠣᠷᠣᠯᠭ᠎ᠠ ᠶᠢ ᠨᠡᠮᠡᠭᠳᠡᠭᠦᠯᠬᠦ ᠪᠠᠷ | ᠰᠢᠢᠳᠪᠦᠷᠢᠯᠡᠵᠦ᠂ ᠬᠠᠮᠢᠶ᠎ᠠ ᠪᠦᠬᠦᠢ ᠲᠥᠰᠥᠪ ᠤᠨ ᠣᠷᠣᠯᠭ᠎ᠠ ᠶᠢᠨ ᠠᠩᠭᠢᠯᠠᠭᠰᠠᠨ ᠵᠦᠢᠯ ᠢᠶᠠᠷ ᠳᠠᠮᠵᠢᠭᠤᠯᠵᠤ ᠲᠤᠰᠬᠠᠬᠤ ᠬᠡᠷᠡᠭᠲᠡᠢ᠃ | ᠰᠠᠭᠤᠷᠢ ᠮᠥᠩᠭᠦ ᠶᠢ ᠢᠯᠭᠠᠷᠠᠭᠤᠯᠤᠨ ᠪᠣᠳᠣᠬᠤ ᠪᠤᠶᠤ ᠪᠡᠯᠡ ᠣᠷᠣᠭᠤᠯᠤᠯᠲᠠ ᠶᠢ ᠪᠤᠴᠠᠭᠠᠨ ᠬᠤᠷᠢᠶᠠᠬᠤ ᠳᠤ ᠪᠠᠨ ᠲᠤᠰ ᠬᠤᠭᠤᠴᠠᠭᠠᠨ ᠤ ᠡᠳ᠋ ᠤᠨ ᠵᠠᠰᠠᠭ ᠤᠨ | ᠵᠠᠷᠤᠯᠭ᠎ᠠ ᠶᠢ ᠲᠤᠯᠭᠠᠨ ᠬᠠᠰᠤᠬᠤ ᠪᠠᠷ ᠰᠢᠢᠳᠪᠦᠷᠢᠯᠡᠨ᠎ᠡ᠃ | ᠨᠠᠢᠮᠠᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠡᠳ᠋ ᠬᠥᠷᠥᠩᠭᠡ ᠶᠢᠨ ᠬᠠᠮᠢᠶᠠᠷᠤᠯᠲᠠ | ᠳᠥᠴᠢᠨ ᠲᠠᠪᠤᠳᠤᠭᠠᠷ ᠵᠦᠢᠯ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ︽ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ | ᠪᠣᠳᠣᠬᠤ ᠳᠦᠷᠢᠮ︾ ᠤᠨ ᠲᠣᠭᠲᠠᠭᠠᠯ ᠶᠣᠰᠣᠭᠠᠷ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠳᠠᠬᠢ ᠵᠠᠰᠠᠭ ᠤᠨ ᠣᠷᠳᠣᠨ ᠠᠴᠠ | ᠪᠡᠯᠡ ᠭᠠᠷᠭᠠᠭᠰᠠᠨ ᠬᠡᠰᠡᠭ ᠠᠴᠠ ᠪᠤᠶ ᠪᠣᠯᠤᠭᠰᠠᠨ ᠡᠳ᠋ ᠬᠥᠷᠥᠩᠭᠡ ᠪᠠ ᠡᠷᠬᠡ ᠠᠰᠢᠭ ᠢ ᠪᠦᠷᠢᠨ ᠪᠦᠲᠦᠨ ᠣᠨᠣᠪᠴᠢᠲᠠᠶ ᠲᠤᠰᠬᠠᠬᠤ ᠬᠡᠷᠡᠭᠲᠡᠢ᠃ | ᠲᠤᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ | ᠵᠠᠰᠠᠭ ᠤᠨ ᠣᠷᠳᠣᠨ ᠠᠴᠠ ᠭᠠᠷᠭᠠᠭᠰᠠᠨ ᠪᠡᠯᠡ ᠮᠥᠩᠭᠦᠨ ᠤ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠠᠷᠭ᠎ᠠ ᠶᠢᠨ ᠲᠣᠭᠲᠠᠭᠠᠯ | ᠶᠣᠰᠣᠭᠠᠷ᠂ ᠵᠠᠰᠠᠭ ᠤᠨ ᠣᠷᠳᠣᠨ ᠤ ᠨᠡᠶᠢᠲᠡ ᠪᠡᠯᠡ ᠣᠷᠤᠭᠤᠯᠤᠯᠲᠠ ᠠᠴᠠ ᠪᠤᠶ ᠪᠣᠯᠤᠭᠰᠠᠨ ᠡᠳ᠋ ᠬᠥᠷᠥᠩᠭᠡ᠂ ᠡᠷᠬᠡ ᠠᠰᠢᠭ ᠪᠣᠯᠣᠨ ᠬᠤᠪᠢᠶᠠᠨ ᠡᠳ᠋ᠯᠡᠪᠡᠰᠦ | ᠵᠣᠬᠢᠬᠤ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢ ᠴᠠᠭ ᠲᠤᠬᠠᠢ ᠳᠤ ᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠲᠤᠰ ᠠᠷᠭ᠎ᠠ ᠪᠣᠯᠣᠨ ︽ᠡᠳ᠋ ᠤᠨ ᠵᠠᠰᠠᠭ ᠤᠨ ᠶᠡᠷᠦᠩᠬᠡᠢ ᠲᠥᠰᠥᠪ ᠤᠨ ᠨᠢᠭᠲᠠᠯᠠᠨ ᠪᠣᠳᠣᠬᠤ ᠳᠦᠷᠢᠮ︾ ᠤᠨ ᠱᠠᠭᠠᠷᠳᠠᠯᠭ᠎ᠠ | ᠶᠣᠰᠣᠭᠠᠷ᠂ ᠵᠠᠰᠠᠭ ᠤᠨ ᠣᠷᠳᠣᠨ ᠤ ᠡᠳ᠋ ᠬᠥᠷᠥᠩᠭᠡ ᠪᠣᠯᠣᠨ ᠡᠷᠬᠡ ᠠᠰᠢᠭ ᠢ ᠵᠣᠬᠢᠴᠠᠩᠭᠤᠢ ᠪᠠᠷ ᠨᠡᠮᠡᠭᠳᠡᠭᠦᠯᠦᠨ᠎ᠡ᠃ | ᠳᠥᠴᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠬᠤᠪᠢᠶᠠᠯᠴᠠᠪᠠᠰᠤ ᠵᠣᠬᠢᠬᠤ ᠪᠡᠯᠡ ᠣᠷᠣᠭᠤᠯᠤᠯᠲᠠ ᠶᠢᠨ ᠠᠰᠢᠭ ᠠᠯᠳᠠᠭᠳᠠᠯ ᠢ ᠡᠷᠬᠡ ᠠᠰᠢᠭ ᠤᠨ | ᠬᠠᠤᠯᠢ ᠪᠠᠷ ᠲᠣᠭᠠᠴᠠᠭ᠎ᠠ ᠬᠢᠨ᠎ᠡ᠃ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠲᠤᠬᠠᠢ ᠶᠢᠨ ᠣᠨ ᠵᠢᠯ ᠳᠠᠭᠤᠰᠤᠭᠰᠠᠨ ᠤ ᠳᠠᠷᠠᠭ᠎ᠠ ᠪᠦᠬᠦ ᠵᠢᠯ ᠤᠨ | ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠪᠤᠶᠤ ᠠᠯᠳᠠᠭᠳᠠᠯ ᠤᠨ ᠪᠠᠶᠢᠳᠠᠯ ᠢᠶᠠᠨ ᠴᠠᠭ ᠲᠤᠬᠠᠢ ᠳᠤ ᠨᠢ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠬᠦ ᠶᠢᠨ ᠬᠠᠮᠲᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠢ᠃ | ᠳᠥᠴᠢᠨ ᠳᠣᠯᠣᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠤᠯᠠᠷᠢᠯ ᠢᠶᠠᠷ ᠡᠳ᠋ ᠬᠥᠷᠥᠩᠭᠡ ᠶᠢᠨ ᠥᠷᠢᠲᠦᠯ ᠤᠨ | ᠬᠦᠰᠦᠨᠦᠭᠲᠦ᠂ ᠠᠰᠢᠭ ᠠᠯᠳᠠᠪᠤᠷᠢ ᠶᠢᠨ ᠬᠦᠰᠦᠨᠦᠭᠲᠦ ᠵᠢᠴᠢ ᠪᠡᠯᠡᠨ ᠵᠣᠭᠤᠰ ᠤᠨ ᠭᠦᠢᠯᠭᠡᠭᠡᠨ ᠤ ᠬᠡᠮᠵᠢᠶ᠎ᠡ ᠶᠢᠨ ᠬᠦᠰᠦᠨᠦᠭᠲᠦ ᠵᠡᠷᠭᠡ ᠮᠡᠳᠡᠭᠦᠯᠬᠦ ᠬᠦᠰᠦᠨᠦᠭᠲᠦ ᠶᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠡᠳ᠋ ᠤᠨ ᠵᠠᠰᠠᠭ ᠤᠨ ᠶᠠᠮᠤᠨ ᠤ ᠮᠡᠳᠡᠭᠦᠯᠬᠦ ᠬᠦᠰᠦᠨᠦᠭᠲᠦ ᠶᠢᠨ ᠰᠢᠰᠲ᠋ᠧᠮ ᠢᠶᠠᠷ ᠳᠠᠮᠵᠢᠭᠤᠯᠤᠨ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ | ᠶᠢᠰᠦᠳᠦᠭᠡᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠠᠮᠵᠢᠯᠲᠠ ᠪᠦᠲᠦᠮᠵᠢ ᠶᠢᠨ ᠦᠨᠡᠯᠡᠯᠲᠡ ᠬᠢᠭᠡᠳ ᠬᠢᠨᠠᠯᠲᠠ | ᠬᠠᠮᠢᠶᠠᠷᠤᠯᠲᠠ | ᠳᠥᠴᠢᠨ ᠨᠠᠢᠮᠠᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠰᠠᠭᠤᠷᠢ ᠮᠥᠩᠭᠦᠨ ᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ | ᠳᠦᠷᠢᠮ ᠢ ᠪᠠᠶᠢᠭᠤᠯᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠦᠨᠡᠯᠡᠬᠦ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠡᠷᠡᠭᠴᠡᠭᠡ ᠪᠠᠨ | ᠦᠨᠳᠦᠰᠦᠯᠡᠨ ᠭᠤᠷᠪᠠᠳᠠᠭᠢ ᠡᠲᠡᠭᠡᠳ ᠤᠨ ᠵᠠᠭᠤᠴᠢ ᠪᠠᠶᠢᠭᠤᠯᠤᠮᠵᠢ ᠶᠢ ᠤᠷᠢᠵᠤ ᠰᠠᠭᠤᠷᠢ ᠮᠥᠩᠭᠦᠨ ᠤ ᠲᠥᠷᠥ ᠶᠢᠨ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠦᠭᠰᠡᠨ | ᠬᠡᠮᠵᠢᠶ᠎ᠡ᠂ ᠰᠠᠭᠤᠷᠢ ᠮᠥᠩᠭᠦ ᠬᠠᠮᠢᠶᠠᠷᠤᠭᠴᠢ ᠶᠢᠨ ᠪᠡᠯᠡ ᠣᠷᠣᠭᠤᠯᠤᠨ ᠡᠵᠡᠩᠨᠡᠭᠰᠡᠨ ᠪᠠᠶᠢᠳᠠᠯ᠂ ᠡᠳ᠋ ᠤᠨ ᠵᠠᠰᠠᠭ ᠤᠨ ᠪᠡᠯᠡ ᠮᠥᠩᠭᠦᠨ ᠤ ᠣᠯᠵᠠᠪᠤᠷᠢ | ᠠᠯᠳᠠᠪᠤᠷᠢ ᠶᠢᠨ ᠪᠠᠶᠢᠳᠠᠯ ᠵᠡᠷᠭᠡ ᠳᠤ ᠭᠤᠣᠯᠳᠠᠯᠭ᠎ᠠ ᠲᠠᠢ ᠠᠮᠵᠢᠯᠲᠠ ᠪᠦᠲᠦᠮᠵᠢ ᠶᠢᠨ ᠦᠨᠡᠯᠡᠯᠲᠡ ᠪᠠ ᠰᠢᠯᠭᠠᠨ ᠬᠢᠨᠠᠯᠲᠠ ᠬᠢᠵᠦ᠂ ᠦᠨᠡᠯᠡᠵᠦ ᠰᠢᠯᠭᠠᠨ ᠬᠢᠨᠠᠭᠰᠠᠨ ᠪᠠ | ᠠᠵᠢᠯ ᠤᠨ ᠠᠮᠵᠢᠯᠲᠠ ᠪᠦᠲᠦᠮᠵᠢ ᠶᠢ ᠥᠪᠡᠷ ᠢᠶᠠᠨ ᠦᠨᠡᠯᠡᠭᠰᠡᠨ ᠦᠷ᠎ᠡ ᠳ᠋ᠦᠩ ᠢ ᠰᠠᠭᠤᠷᠢ ᠮᠥᠩᠭᠦ ᠶᠢ ᠦᠷᠭᠦᠯᠵᠢᠯᠡᠭᠦᠯᠬᠦ᠂ ᠬᠥᠷᠥᠩᠭᠡ ᠶᠢ ᠨᠡᠮᠡᠭᠳᠡᠭᠦᠯᠦᠨ ᠰᠲ᠋ᠣᠺ ᠢ | ᠥᠷᠭᠡᠳᠬᠡᠬᠦ᠂ ᠤᠷᠢᠳᠴᠢᠯᠠᠨ ᠳᠠᠭᠤᠰᠬᠠᠬᠤ ᠵᠢᠴᠢ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠪᠠ ᠰᠠᠭᠤᠷᠢ ᠮᠥᠩᠭᠦ ᠬᠠᠮᠢᠶᠠᠷᠤᠭᠴᠢ ᠶᠢᠨ | ᠬᠠᠮᠢᠶᠠᠷᠤᠯᠲᠠ ᠶᠢᠨ ᠵᠠᠷᠤᠳᠠᠯ ᠢ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠳᠥᠴᠢ ᠶᠢᠰᠦᠳᠦᠭᠡᠷ ᠵᠦᠢᠯ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷ᠎ᠠ ᠳᠠᠩᠰᠠᠯᠠᠭᠤᠯᠤᠭᠰᠠᠨ | ᠬᠤᠪᠢ ᠪᠠᠷ ᠢᠶᠠᠨ ᠵᠣᠭᠤᠰ ᠴᠤᠭᠯᠠᠭᠤᠯᠤᠭᠰᠠᠨ ᠰᠠᠭᠤᠷᠢ ᠮᠥᠩᠭᠦ ᠬᠠᠮᠢᠶᠠᠷᠤᠭᠴᠢ ᠵᠢᠴᠢ ᠲᠡᠭᠦᠨ ᠤ ᠬᠠᠮᠢᠶᠠᠷᠴᠤ ᠪᠦᠬᠦᠢ ᠬᠤᠪᠢ ᠪᠠᠷ ᠢᠶᠠᠨ ᠵᠣᠭᠤᠰ | ᠴᠤᠭᠯᠠᠭᠤᠯᠤᠭᠰᠠᠨ ᠰᠠᠭᠤᠷᠢ ᠮᠥᠩᠭᠦᠨ ᠤ ᠨᠡᠷᠡᠳᠭᠦᠨ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠬᠤ | ᠪᠠᠶᠢᠭᠤᠯᠤᠮᠵᠢ ᠳᠠᠬᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ | ᠬᠤᠪᠢ ᠪᠠᠷ ᠢᠶᠠᠨ ᠵᠣᠭᠤᠰ ᠴᠤᠭᠯᠠᠭᠤᠯᠬᠤ ᠰᠠᠭᠤᠷᠢ ᠮᠥᠩᠭᠦ ᠶᠢᠨ ᠬᠦᠷᠢᠶᠡᠨ ᠤ ᠲᠦᠭᠰᠢᠭᠦᠷᠢ ᠶᠢ ᠰᠢᠢᠳᠪᠦᠷᠢᠯᠡᠵᠦ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠲᠠᠪᠢᠳᠤᠭᠠᠷ ᠵᠦᠢᠯ ᠬᠢᠨᠠᠨ ᠪᠣᠳᠣᠬᠤ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ | ᠪᠠᠶᠢᠳᠠᠯ ᠳᠤ ᠬᠢᠨᠠᠨ ᠪᠣᠳᠣᠯᠲᠠ ᠬᠢᠵᠦ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠲᠥᠰᠥᠪ ᠤᠨ ᠬᠠᠤᠯᠢ︾᠂ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ | ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠪᠣᠯ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠲᠠᠪᠢᠨ ᠨᠢᠭᠡᠳᠦᠭᠡᠷ ᠵᠦᠢᠯ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ᠂ ᠰᠠᠭᠤᠷᠢ ᠮᠥᠩᠭᠦ | ᠬᠠᠮᠢᠶᠠᠷᠤᠭᠴᠢ᠂ ᠰᠠᠭᠤᠷᠢ ᠮᠥᠩᠭᠦ ᠶᠢ ᠨᠠᠶᠢᠳᠠᠯᠭ᠎ᠠ ᠪᠠᠷ ᠬᠠᠮᠢᠶᠠᠷᠤᠭᠴᠢ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠠᠭᠤᠷᠢ ᠮᠥᠩᠭᠦ ᠶᠢᠨ | ᠳᠦᠷᠢᠮ ᠲᠣᠭᠲᠠᠭᠠᠯ ᠤᠨ ᠪᠣᠯᠵᠣᠯ ᠶᠣᠰᠣᠭᠠᠷ᠂ ᠴᠢᠬᠤᠯᠠ ᠶᠡᠭᠡ ᠵᠦᠢᠯᠡᠰ ᠢ ᠮᠡᠳᠡᠭᠦᠯᠬᠦ ᠡᠭᠦᠷᠭᠡ ᠬᠠᠷᠢᠭᠤᠴᠠᠯᠭ᠎ᠠ ᠪᠠᠨ ᠴᠠᠭ ᠲᠤᠬᠠᠢ ᠳᠤ ᠨᠢ ᠭᠦᠢᠴᠡᠳᠬᠡᠵᠦ᠂ | ᠡᠳᠦᠷ ᠲᠤᠲᠤᠮ ᠤᠨ ᠪᠡᠯᠡ ᠣᠷᠣᠭᠤᠯᠵᠤ ᠠᠵᠢᠯᠯᠠᠭᠤᠯᠬᠤ ᠶᠠᠪᠤᠴᠠ ᠳᠤ ᠡᠭᠦᠰᠦᠭᠰᠡᠨ ᠴᠢᠬᠤᠯᠠ ᠶᠡᠭᠡ ᠵᠦᠢᠯᠡᠰ ᠢᠶᠠᠨ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ᠴᠢᠬᠤᠯᠠ ᠶᠡᠭᠡ ᠵᠦᠢᠯᠡᠰ ᠲᠤ ᠺᠣᠮᠫᠠᠨᠢ ᠶᠢᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ᠂ ᠬᠥᠷᠥᠩᠭᠡ ᠶᠢᠨ ᠨᠡᠮᠡᠭᠳᠡᠯ ᠬᠤᠷᠣᠭᠳᠠᠯ᠂ ᠳᠡᠭᠡᠳᠦ ᠵᠡᠷᠭᠡ ᠶᠢᠨ | ᠬᠠᠮᠢᠶᠠᠷᠤᠯᠲᠠ ᠶᠢᠨ ᠠᠵᠢᠯᠲᠠᠨ ᠢ ᠬᠤᠪᠢᠷᠠᠭᠤᠯᠬᠤ᠂ ᠨᠡᠶᠢᠯᠡᠭᠦᠯᠬᠦ᠂ ᠢᠯᠭᠠᠷᠠᠭᠤᠯᠤᠨ ᠪᠤᠳᠤᠬᠤ ᠵᠡᠷᠭᠡ ᠪᠠᠭᠲᠠᠬᠤ ᠪᠣᠯᠪᠠᠴᠤ ᠡᠳᠡᠭᠡᠷ ᠲᠤ ᠬᠢᠵᠠᠭᠠᠷᠯᠠᠭᠳᠠᠬᠤ ᠦᠭᠡᠢ᠃ | ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢᠨ ᠨᠠᠶᠢᠳᠠᠯᠭ᠎ᠠ ᠬᠦᠯᠢᠶᠡᠭᠰᠡᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠲᠤᠰ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠪᠣᠯᠣᠨ ᠪᠤᠰᠤᠳ ᠪᠡᠯᠡ ᠭᠠᠷᠭᠠᠭᠴᠢ ᠳᠤ ᠬᠤᠷᠢᠶᠠᠩᠭᠤᠶᠢᠯᠠᠨ ᠮᠡᠳᠡᠭᠦᠯᠵᠦ ᠬᠦᠷᠭᠡᠬᠦ ᠠᠵᠢᠯ ᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠶᠢᠨ ᠬᠠᠮᠲᠤ ᠲᠤᠰ ᠱᠠᠲᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ | ᠮᠥᠴᠢᠷ ᠪᠣᠯᠣᠨ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠲᠤ ᠬᠠᠭᠤᠯᠤᠨ ᠢᠯᠡᠭᠡᠬᠦ ᠬᠡᠷᠡᠭᠲᠡᠢ᠃ | ᠲᠠᠪᠢᠨ ᠬᠤᠶᠠᠳᠤᠭᠠᠷ ᠵᠦᠢᠯ ᠰᠠᠭᠤᠷᠢ ᠮᠥᠩᠭᠦ ᠪᠠᠶᠢᠭᠤᠯᠤᠭᠰᠠᠨ ᠰᠠᠯᠠᠭ᠎ᠠ ᠮᠥᠴᠢᠷ ᠨᠢ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠪᠠᠨ ᠬᠠᠷᠢᠯᠴᠠᠨ | ᠨᠡᠪᠲᠡᠷᠡᠯᠴᠡᠵᠦ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠢᠨᠠᠨ ᠪᠣᠳᠣᠬᠤ᠂ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠰᠠᠭᠤᠷᠢ ᠮᠥᠩᠭᠦ ᠪᠠᠶᠢᠭᠤᠯᠬᠤ᠂ ᠪᠠᠶᠢᠴᠠᠭᠠᠵᠤ ᠬᠢᠨᠠᠨ ᠬᠡᠮᠵᠢᠬᠦ᠂ ᠵᠠᠰᠠᠭ ᠵᠠᠬᠢᠷᠭᠠᠨ ᠤ | ᠰᠢᠢᠳᠬᠡᠯ ᠲᠣᠷᠭᠠᠭᠤᠯᠢ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠬᠠᠮᠲᠤ ᠳᠤ ᠪᠠᠨ ᠬᠦᠷᠲᠡᠬᠦ ᠬᠡᠷᠡᠭᠲᠡᠢ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ | ᠳ᠋ᠦᠩ ᠲᠠᠢ ᠪᠠᠨ ᠤᠶᠠᠯᠳᠤᠭᠤᠯᠤᠨ᠂ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ | ᠠᠷᠪᠠᠳᠤᠭᠠᠷ ᠪᠦᠯᠦᠭ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠬᠤ ᠪᠠ ᠪᠤᠴᠠᠭᠠᠵᠤ ᠭᠠᠷᠭᠠᠬᠤ | ᠲᠠᠪᠢᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠡᠩ ᠤᠨ ᠪᠠᠶᠢᠳᠠᠯ ᠳᠣᠣᠷ᠎ᠠ ᠣᠷᠣᠰᠢᠨ ᠦᠷᠭᠦᠯᠵᠢᠯᠡᠬᠦ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠤᠰᠬᠠᠬᠤ ᠬᠡᠷᠡᠭᠲᠡᠢ᠃ ᠬᠤᠭᠤᠴᠠᠭ᠎ᠠ ᠶᠢ ᠨᠢ ᠦᠨᠡᠨ ᠬᠦ ᠤᠷᠲᠤᠳᠬᠠᠬᠤ ᠴᠢᠬᠤᠯᠠ ᠲᠠᠢ ᠪᠣᠯ ᠰᠠᠭᠤᠷᠢ ᠮᠥᠩᠭᠦ | ᠪᠠᠶᠢᠭᠤᠯᠤᠭᠰᠠᠨ ᠰᠠᠯᠠᠭ᠎ᠠ ᠮᠥᠴᠢᠷ ᠠᠴᠠ ᠰᠠᠭᠤᠷᠢ ᠮᠥᠩᠭᠦ ᠶᠢᠨ ᠬᠤᠭᠤᠴᠠᠭ᠎ᠠ ᠨᠢ ᠲᠤᠯᠬᠤ ᠠᠴᠠ ᠡᠮᠦᠨ᠎ᠡ 1 ᠵᠢᠯ ᠤᠨ ᠳᠣᠲᠣᠷ᠎ᠠ ᠭᠤᠶᠤᠴᠢᠯᠠᠯ ᠭᠠᠷᠭᠠᠵᠤ᠂ ᠲᠤᠰ | ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠪᠤᠰᠤᠳ ᠪᠡᠯᠡ ᠭᠠᠷᠭᠠᠭᠴᠢ ᠯᠤᠭ᠎ᠠ ᠳᠦᠷᠢᠮ ᠲᠣᠭᠲᠠᠭᠠᠯ ᠳᠤ | ᠪᠣᠯᠵᠣᠨ ᠲᠣᠭᠲᠠᠭᠰᠠᠨ ᠳᠡᠰ ᠳᠠᠷᠠᠭᠠᠯᠠᠯ ᠤᠨ ᠶᠣᠰᠣᠭᠠᠷ ᠭᠦᠢᠴᠡᠳᠬᠡᠬᠦ ᠬᠡᠷᠡᠭᠲᠡᠢ᠃ | ᠲᠠᠪᠢᠨ ᠳᠥᠷᠪᠡᠳᠦᠭᠡᠷ ᠵᠦᠢᠯ ᠳᠣᠣᠷᠠᠬᠢ ᠪᠠᠶᠢᠳᠠᠯ ᠠᠴᠠ ᠨᠢᠭᠡ ᠨᠢ ᠭᠠᠷᠪᠠᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ | ᠳᠠᠭᠤᠰᠬᠠᠬᠤ ᠶᠢᠨ ᠬᠠᠮᠲᠤ ᠢᠯᠭᠠᠷᠠᠭᠤᠯᠤᠨ ᠪᠣᠳᠣᠬᠤ ᠬᠡᠷᠡᠭᠲᠡᠢ᠄ | ︵ᠨᠢᠭᠡ︶ ᠰᠠᠭᠤᠷᠢ ᠮᠥᠩᠭᠦᠨ ᠤ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠬᠤᠶᠢᠰᠢᠯᠠᠭᠤᠯᠤᠭᠰᠠᠨ ᠦᠭᠡᠢ︔ | ︵ᠬᠤᠶᠠᠷ︶ ᠰᠠᠭᠤᠷᠢ ᠮᠥᠩᠭᠦᠨ ᠤ ᠬᠤᠪᠢ ᠡᠵᠡᠮᠰᠢᠭᠴᠢᠳ ᠤᠨ ᠶᠡᠭᠡ ᠬᠤᠷᠠᠯ ᠤᠨ ᠰᠢᠢᠳᠪᠦᠷᠢ ᠪᠠᠷ ᠨᠢᠭᠡᠳᠦᠯᠲᠡᠢ ᠪᠠᠲᠤᠯᠠᠭᠰᠠᠨ ᠪᠠᠶᠢᠬᠤ︔ | ︵ᠭᠤᠷᠪᠠ︶ ᠰᠠᠭᠤᠷᠢ ᠮᠥᠩᠭᠦᠨ ᠤ ᠭᠡᠷ᠎ᠡ᠂ ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ᠃ | ᠲᠠᠪᠢᠨ ᠲᠠᠪᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠳᠠᠭᠤᠰᠬᠠᠭᠰᠠᠨ ᠤ ᠳᠠᠷᠠᠭ᠎ᠠ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠪᠣᠯᠣᠨ ᠪᠤᠰᠤᠳ ᠪᠡᠯᠡ ᠭᠠᠷᠭᠠᠭᠴᠢ ᠶᠢᠨ ᠬᠢᠨᠠᠯᠲᠠ ᠲᠠᠯᠪᠢᠯᠲᠠ ᠳᠣᠣᠷ᠎ᠠ ᠢᠯᠭᠠᠷᠠᠭᠤᠯᠤᠨ ᠪᠣᠳᠣᠬᠤ ᠶᠢ ᠵᠣᠬᠢᠶᠠᠨ ᠪᠠᠶᠢᠭᠤᠯᠵᠤ᠂ ᠵᠠᠰᠠᠭ ᠤᠨ | ᠣᠷᠳᠣᠨ ᠤ ᠭᠠᠷᠭᠠᠭᠰᠠᠨ ᠪᠡᠯᠡ ᠮᠥᠩᠭᠦᠨ ᠤ ᠲᠤᠭ᠎ᠠ ᠪᠣᠯᠣᠨ ᠵᠠᠰᠠᠭ ᠤᠨ ᠣᠷᠳᠣᠨ ᠳᠤ ᠬᠠᠷᠢᠶᠠᠯᠠᠭᠳᠠᠬᠤ ᠠᠰᠢᠭ ᠣᠯᠵᠠᠪᠤᠷᠢ ᠶᠢ ᠡᠳ᠋ ᠤᠨ ᠵᠠᠰᠠᠭ ᠤᠨ ᠤᠯᠤᠰ ᠤᠨ | ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠭᠦᠢᠴᠡᠳ ᠲᠤᠭ᠎ᠠ ᠶᠣᠰᠣᠭᠠᠷ ᠤᠯᠤᠰ ᠤᠨ | ᠬᠥᠮᠥᠷᠭᠡ ᠳᠤ ᠲᠤᠰᠢᠶᠠᠬᠤ ᠬᠡᠷᠡᠭᠲᠡᠢ᠃ | ᠲᠠᠪᠢᠨ ᠵᠢᠷᠭᠤᠳᠤᠭᠠᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠨᠡᠶᠢᠭᠡᠮ ᠤᠨ ᠪᠡᠯᠡ ᠭᠠᠷᠭᠠᠭᠴᠢ ᠠᠴᠠ ᠬᠤᠳᠠᠯᠳᠤᠨ | ᠠᠪᠬᠤ᠂ ᠰᠲ᠋ᠣᠺ ᠤᠨ ᠡᠷᠬᠡ ᠶᠢ ᠰᠢᠯᠵᠢᠭᠦᠯᠬᠦ᠂ ᠬᠤᠭᠤᠴᠠᠭ᠎ᠠ ᠨᠢ ᠲᠤᠯᠵᠤ ᠢᠯᠭᠠᠷᠠᠭᠤᠯᠤᠨ ᠪᠣᠳᠣᠬᠤ ᠪᠤᠶᠤ ᠵᠥᠪᠯᠡᠯᠴᠡᠭᠡᠷ ᠲᠤ ᠪᠣᠯᠵᠣᠵᠤ ᠲᠣᠭᠲᠠᠭᠰᠠᠨ ᠪᠤᠰᠤᠳ | ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠳᠠᠮᠵᠢᠭᠤᠯᠵᠤ ᠪᠤᠴᠠᠭᠠᠨ ᠭᠠᠷᠭᠠᠵᠤ ᠪᠣᠯᠣᠨ᠎ᠠ᠃ ᠪᠡᠯᠡ ᠭᠠᠷᠭᠠᠭᠴᠢ ᠪᠡᠯᠡ ᠣᠷᠣᠭᠤᠯᠤᠯᠲᠠ ᠶᠢᠨ ᠰᠠᠭᠤᠷᠢ | ᠮᠥᠩᠭᠦᠨ ᠤ ᠪᠣᠳᠠᠲᠠᠢ ᠪᠠᠶᠢᠳᠠᠯ ᠢ ᠦᠨᠳᠦᠰᠦᠯᠡᠨ᠂ ᠰᠠᠭᠤᠷᠢ ᠮᠥᠩᠭᠦᠨ ᠤ ᠳᠦᠷᠢᠮ ᠲᠣᠭᠲᠠᠭᠠᠯ᠂ ᠬᠤᠷᠰᠢᠬᠤ ᠵᠥᠪᠯᠡᠯᠴᠡᠭᠡᠷ ᠪᠤᠶᠤ ᠪᠡᠯᠡ ᠣᠷᠣᠭᠤᠯᠤᠯᠲᠠ ᠶᠢᠨ | ᠵᠥᠪᠯᠡᠯᠴᠡᠭᠡᠷ ᠲᠤ ᠪᠤᠴᠠᠭᠠᠵᠤ ᠭᠠᠷᠭᠠᠬᠤ ᠨᠥᠬᠦᠴᠡᠯ ᠪᠠ ᠠᠷᠭ᠎ᠠ ᠬᠡᠯᠪᠡᠷᠢ ᠪᠠᠨ ᠪᠣᠯᠵᠣᠵᠤ ᠲᠣᠭᠲᠠᠨ᠎ᠠ᠃ | ᠲᠠᠪᠢᠨ ᠳᠣᠯᠣᠳᠤᠭᠠᠷ ᠵᠦᠢᠯ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠤᠰᠤᠳ ᠪᠡᠯᠡ ᠭᠠᠷᠭᠠᠭᠴᠢ ᠲᠠᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ | ᠳᠦᠷᠢᠮ ᠲᠣᠭᠲᠠᠭᠠᠯ ᠳᠤ ᠪᠠᠨ ᠳᠣᠣᠷ᠎ᠠ ᠳᠤᠷᠠᠳᠤᠭᠰᠠᠨ ᠪᠠᠶᠢᠳᠠᠯ ᠠᠴᠠ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ ᠭᠠᠷᠭᠠᠭᠰᠠᠨ ᠪᠡᠯᠡ ᠮᠥᠩᠭᠦ ᠪᠠᠨ ᠪᠤᠰᠤᠳ | ᠪᠡᠯᠡ ᠭᠠᠷᠭᠠᠭᠴᠢ ᠪᠠᠷ ᠵᠥᠪᠰᠢᠶᠡᠷᠡᠭᠦᠯᠬᠦ ᠴᠢᠬᠤᠯᠠ ᠦᠭᠡᠢ ᠪᠠᠷ ᠤᠷᠢᠳᠴᠢᠯᠠᠨ ᠪᠤᠴᠠᠭᠠᠵᠤ ᠭᠠᠷᠭᠠᠬᠤ ᠪᠠᠷ ᠰᠣᠩᠭᠤᠵᠤ ᠪᠣᠯᠬᠤ ᠪᠠᠷ ᠪᠣᠯᠵᠣᠵᠤ ᠲᠣᠭᠲᠠᠬᠤ ᠬᠡᠷᠡᠭᠲᠡᠢ : | | ︵ᠨᠢᠭᠡ︶ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠥᠰᠥᠯ ᠢ ᠨᠤᠲᠠᠯᠠᠭᠰᠠᠨ ᠤ ᠳᠠᠷᠠᠭ᠎ᠠ 1 ᠵᠢᠯ ᠬᠡᠲᠦᠷᠡᠭᠰᠡᠨ ᠪᠠᠶᠢᠲᠠᠯ᠎ᠠ ᠲᠣᠭᠲᠠᠭᠰᠠᠨ ᠵᠢᠷᠤᠮ | ᠪᠠ ᠴᠠᠭ ᠤᠨ ᠱᠠᠭᠠᠷᠳᠠᠯᠭ᠎ᠠ ᠶᠣᠰᠣᠭᠠᠷ ᠪᠠᠶᠢᠭᠤᠯᠬᠤ ᠭᠠᠷᠳᠠᠮ ᠢ ᠪᠡᠶᠡᠯᠡᠭᠦᠯᠦᠭᠰᠡᠨ ᠦᠭᠡᠢ︔ | ︵ᠬᠤᠶᠠᠷ︶ ᠵᠠᠰᠠᠭ ᠤᠨ ᠣᠷᠳᠣᠨ ᠤ ᠭᠠᠷᠭᠠᠭᠰᠠᠨ ᠪᠡᠯᠡ ᠶᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠠᠩᠰᠠᠨ ᠡᠷᠦᠬᠡ ᠳᠤ ᠰᠢᠯᠵᠢᠭᠦᠯᠦᠨ | ᠥᠭᠭᠦᠭᠡᠳ 1 ᠵᠢᠯ ᠠᠴᠠ ᠳᠡᠭᠡᠭᠰᠢ ᠪᠣᠯᠤᠭᠰᠠᠨ ᠳᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠦᠭᠰᠡᠨ ᠦᠭᠡᠢ︔ | ︵ᠭᠤᠷᠪᠠ︶ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠬᠦᠷᠢᠶ᠎ᠡ ᠪᠠ ᠴᠢᠭᠯᠡᠯ ᠨᠢ ᠲᠥᠷᠥ ᠶᠢᠨ ᠪᠣᠳᠣᠯᠭ᠎ᠠ ᠶᠢᠨ ᠬᠠᠷᠠᠯᠲᠠ ᠳᠤ ᠨᠡᠶᠢᠴᠡᠬᠦ ᠦᠭᠡᠶ︔ | ︵ᠳᠥᠷᠪᠡ︶ ᠰᠠᠭᠤᠷᠢ ᠮᠥᠩᠭᠦ ᠶᠢ ᠳᠦᠷᠢᠮ ᠲᠣᠭᠲᠠᠭᠠᠯ ᠤᠨ ᠶᠣᠰᠣᠭᠠᠷ ᠪᠡᠯᠡ ᠣᠷᠣᠭᠤᠯᠤᠯᠲᠠ ᠬᠢᠭᠰᠡᠨ ᠦᠭᠡᠢ︔ | ︵ᠲᠠᠪᠤ︶ ᠳᠦᠷᠢᠮ ᠲᠣᠭᠲᠠᠭᠠᠯ ᠳᠤ ᠲᠣᠭᠲᠠᠭᠰᠠᠨ ᠵᠦᠢᠯ ᠲᠠᠢ ᠨᠡᠶᠢᠴᠡᠬᠦ ᠦᠭᠡᠢ ᠪᠤᠰᠤᠳ ᠪᠠᠶᠢᠳᠠᠯ︔ | ︵ᠵᠢᠷᠭᠤᠭ᠎ᠠ︶ ᠰᠠᠭᠤᠷᠢ ᠮᠥᠩᠭᠦᠨ ᠳᠤ ᠬᠠᠤᠯᠢ ᠴᠠᠭᠠᠵᠠ ᠬᠠᠤᠯᠢ ᠲᠣᠭᠲᠠᠭᠠᠯ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ ᠲᠤᠰ ᠠᠷᠭ᠎ᠠ ᠶᠢ ᠵᠥᠷᠢᠴᠡᠭᠰᠡᠨ | ᠦᠢᠯᠡ ᠠᠵᠢᠯᠯᠠᠭ᠎ᠠ ᠣᠷᠣᠰᠢᠵᠤ ᠪᠠᠶᠢᠬᠤ᠃ | ᠲᠠᠪᠢᠨ ᠨᠠᠢᠮᠠᠳᠤᠭᠠᠷ ᠵᠦᠢᠯ ᠵᠠᠰᠠᠭ ᠤᠨ ᠣᠷᠳᠣᠨ ᠭᠠᠷᠭᠠᠭᠰᠠᠨ ᠪᠡᠯᠡ ᠪᠠᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠠᠴᠠ ᠪᠤᠴᠠᠭᠠᠵᠤ ᠭᠠᠷᠭᠠᠬᠤ ᠳᠤ᠂ | ᠳᠦᠷᠢᠮ ᠲᠣᠭᠲᠠᠭᠠᠯ ᠳᠤ ᠪᠣᠯᠵᠣᠨ ᠲᠣᠭᠲᠠᠭᠰᠠᠨ ᠨᠥᠬᠦᠴᠡᠯ ᠢᠶᠠᠷ ᠪᠤᠴᠠᠭᠠᠵᠤ ᠭᠠᠷᠭᠠᠬᠤ ᠬᠡᠷᠡᠭᠲᠡᠶ︔ ᠳᠦᠷᠢᠮ ᠲᠣᠭᠲᠠᠭᠠᠯ ᠳᠤ ᠪᠣᠯᠵᠣᠵᠤ ᠲᠣᠭᠲᠠᠭᠰᠠᠨ ᠦᠭᠡᠢ | ᠪᠣᠯ᠂ ᠬᠢᠷᠢ ᠭᠡᠮ ᠲᠠᠢ ᠡᠳ᠋ ᠬᠥᠷᠥᠩᠭᠡ ᠶᠢ ᠦᠨᠡᠯᠡᠨ ᠵᠢᠱᠢᠬᠦ ᠪᠠᠶᠢᠭᠤᠯᠤᠮᠵᠢ ᠶᠢ ᠤᠷᠢᠵᠤ ᠪᠡᠯᠡ ᠭᠠᠷᠭᠠᠭᠰᠠᠨ ᠡᠷᠬᠡ ᠠᠰᠢᠭ ᠲᠤ ᠦᠨᠡᠯᠡᠯᠲᠡ ᠵᠢᠱᠢᠯᠲᠡ ᠬᠢᠯᠭᠡᠵᠦ᠂ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠪᠤᠴᠠᠭᠠᠵᠤ ᠭᠠᠷᠭᠠᠬᠤ ᠦᠨ᠎ᠡ ᠬᠠᠩᠰᠢ ᠶᠢ ᠲᠣᠭᠲᠠᠭᠠᠬᠤ ᠶᠢᠨ ᠦᠨᠳᠦᠰᠦᠯᠡᠯ ᠪᠣᠯᠭᠠᠬᠤ ᠬᠡᠷᠡᠭᠲᠡᠢ᠃ | ᠠᠷᠪᠠᠨ ᠨᠢᠭᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢ ᠶᠢᠰᠦᠳᠦᠭᠡᠷ ᠵᠦᠢᠯ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠬᠢᠯᠢ ᠶᠢᠨ ᠭᠠᠳᠠᠨᠠᠬᠢ ᠠᠵᠤ ᠠᠬᠤᠶᠢᠯᠠᠯ ᠳᠤ ᠪᠡᠯᠡ | ᠣᠷᠤᠭᠤᠯᠤᠯᠲᠠ ᠬᠢᠬᠦ ᠳᠤ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ | ᠵᠢᠷᠠᠳᠤᠭᠠᠷ ᠵᠦᠢᠯ ᠲᠤᠰ ᠠᠷᠭ᠎ᠠ ᠳᠤ ᠲᠣᠳᠣᠷᠬᠠᠶᠢᠯᠠᠭᠰᠠᠨ ᠦᠭᠡᠢ ᠵᠦᠢᠯᠡᠰ ᠨᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠪᠤᠰᠤᠳ | ᠲᠥᠷᠥ ᠶᠢᠨ ᠪᠣᠳᠣᠯᠭ᠎ᠠ ᠳᠤ ᠲᠣᠭᠲᠠᠭᠠᠯ ᠲᠠᠢ ᠪᠠᠶᠢᠪᠠᠯ᠂ ᠪᠤᠰᠤᠳ ᠲᠥᠷᠥ ᠶᠢᠨ ᠪᠣᠳᠣᠯᠭ᠎ᠠ ᠶᠢ ᠵᠢᠷᠤᠮᠯᠠᠨ ᠬᠡᠷᠡᠭᠵᠢᠭᠦᠯᠦᠨ᠎ᠡ᠃ | ᠵᠢᠷᠠᠨ ᠨᠢᠭᠡᠳᠦᠭᠡᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠤᠰ ᠠᠷᠭ᠎ᠠ ᠶᠢ ᠬᠡᠷᠡᠭᠵᠢᠭᠦᠯᠬᠦ ᠠᠴᠠ | ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠢᠭᠡᠨᠲᠡ ᠪᠠᠶᠢᠭᠤᠯᠤᠭᠰᠠᠨ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠳᠤ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠰᠠᠭᠤᠷᠢ ᠮᠦᠩᠭᠦᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 100 ᠳ᠋ᠤᠭᠠᠷ | ᠲᠣᠭᠠᠲᠤ︶ ᠢ ᠲᠣᠬᠢᠷᠠᠭᠤᠯᠤᠨ ᠬᠡᠷᠡᠭᠯᠡᠵᠦ᠂ ᠲᠡᠭᠦᠨ ᠤ ᠲᠥᠰᠥᠪ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ᠂ ᠠᠮᠵᠢᠯᠲᠠ ᠪᠦᠲᠦᠮᠵᠢ ᠶᠢᠨ | ᠦᠨᠡᠯᠡᠯᠲᠡ ᠵᠢᠴᠢ ᠬᠢᠨᠠᠯᠲᠠ ᠬᠠᠮᠢᠶᠠᠷᠤᠯᠲᠠ᠂ ᠳᠠᠭᠤᠰᠬᠠᠬᠤ ᠪᠠ ᠪᠤᠴᠠᠭᠠᠨ ᠭᠠᠷᠭᠠᠬᠤ ᠵᠡᠷᠭᠡ ᠠᠵᠢᠯᠯᠠᠭ᠎ᠠ ᠨᠢ ᠲᠤᠰ ᠠᠷᠭ᠎ᠠ ᠶᠢ ᠬᠡᠷᠡᠭᠵᠢᠭᠦᠯᠲᠡᠯᠡ ᠦᠷᠭᠦᠯᠵᠢᠯᠡᠭᠰᠡᠨ | ᠪᠠᠶᠢᠪᠠᠯ ᠲᠤᠰ ᠠᠷᠭ᠎ᠠ ᠶᠢᠨ ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 2 ᠤᠨ ᠡᠳᠦᠷ ᠳᠠᠷᠤᠮᠠᠯᠯᠠᠨ ᠲᠠᠷᠬᠠᠭᠠᠪᠠ | |