ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠬᠡᠷᠡᠭᠯᠡᠨ᠎ᠡ
ᠨᠡᠶᠢᠲᠡᠯᠡᠭᠰᠡᠨ ᠴᠠᠭ᠄
2024/8/29
      ᠰᠤᠷᠪᠤᠯᠵᠢᠯᠠᠬᠴᠢ 27 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ᠂ ᠭᠡᠯᠡ ᠪᠢᠴᠢᠭ᠂ ᠲᠡᠦᠬᠡ ᠶᠢᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠣᠶᠢᠷ᠎ᠠ ᠳᠤ ᠨᠠᠶᠢᠷᠠᠭᠤᠯᠤᠨ ᠬᠢᠨᠠᠬᠤ ᠪᠦᠭᠦ ᠶᠠᠪᠤᠴᠠ ᠶᠢ ᠳᠠᠭᠤᠰᠬᠠᠵᠤ᠂ ᠡᠨᠡ ᠵᠢᠯ ᠤᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠪᠦᠭᠦ ᠤᠯᠤᠰ ᠤᠨ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠭᠢᠯᠡᠯᠲᠡ ᠶᠢᠨ ᠣᠨ ᠳᠤ ᠬᠡᠷᠡᠭᠯᠡᠵᠦ᠂ ᠭᠤᠷᠪᠠᠨ ᠵᠢᠯ ᠤᠨ ᠳᠣᠲᠣᠷ᠎ᠠ ᠪᠤᠶ ᠪᠦᠬᠦᠢ ᠣᠨ ᠢ ᠪᠦᠷᠬᠦᠭᠦᠯᠦᠨ᠎ᠡ᠃      2022 ᠣᠨ ᠤ 3 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠴᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠤᠷᠪᠠᠨ ᠬᠢᠴᠢᠶᠡᠯ ᠲᠥᠷᠥᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠠᠵᠢᠯ ᠢ ᠡᠬᠢᠯᠡᠭᠦᠯᠪᠡ᠃ ᠭᠤᠷᠪᠠᠨ ᠬᠢᠴᠢᠶᠡᠯ ᠲᠦᠷᠦᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠨᠠᠶᠢᠷᠠᠭᠤᠯᠬᠤ ᠵᠥᠪᠯᠡᠯ ᠪᠣᠯᠣᠨ ᠵᠠᠰᠠᠪᠤᠷᠢ ᠣᠷᠣᠭᠤᠯᠬᠤ ᠳᠤᠭᠤᠶᠢᠯᠠᠩ ᠤᠨ ᠪᠦᠷᠢᠯᠳᠦᠭᠦᠨ ᠨᠡᠶᠢᠳᠡ 200 ᠭᠠᠷᠤᠢ ᠬᠥᠮᠥᠨ ᠪᠤᠢ᠂ ᠡᠭᠦᠨ ᠳᠤ ᠶᠡᠭᠡ ᠳᠡᠭᠡᠳᠦ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ᠂ ᠵᠢᠭᠠᠬᠤ ᠶᠢ ᠰᠤᠳᠤᠯᠬᠤ ᠰᠠᠯᠠᠭ᠎ᠠ ᠮᠥᠴᠢᠷ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠲᠤᠰᠬᠠᠢ ᠮᠡᠷᠭᠡᠵᠢᠯᠲᠡᠨ᠂ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯᠲᠡᠨ᠂ ᠬᠢᠴᠢᠶᠡᠯ ᠲᠦᠷᠦᠯ ᠤᠨ ᠲᠤᠰᠬᠠᠢ ᠮᠡᠷᠭᠡᠵᠢᠯᠲᠡᠨ᠂ ᠵᠢᠭᠠᠨ ᠰᠤᠳᠤᠯᠤᠭᠴᠢ ᠪᠣᠯᠣᠨ ᠪᠠᠭᠰᠢ ᠵᠡᠷᠭᠡ ᠪᠠᠭᠲᠠᠨ᠎ᠠ᠃      ᠰᠤᠷᠭᠠᠨ ᠬᠥᠮᠦᠵᠢᠯ ᠤᠨ ᠶᠠᠮᠤᠨ ᠤ ᠵᠢᠭᠠᠬᠤ ᠮᠠᠲ᠋ᠧᠷᠢᠶᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠰ ᠤᠳᠠᠭ᠎ᠠ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠳᠠᠭᠠᠨ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠣᠨ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠰᠤᠷᠤᠯᠴᠠᠬᠤ ᠠᠭᠤᠯᠭ᠎ᠠ ᠶᠢ ᠪᠠᠶᠠᠯᠢᠭᠵᠢᠭᠤᠯᠵᠤ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠬᠠᠤᠯᠢ ᠪᠠᠷ ᠵᠠᠰᠠᠬᠤ ᠬᠥᠮᠦᠵᠢᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠵᠡᠷᠭᠡ ᠬᠠᠮᠢᠶ᠎ᠠ ᠪᠦᠬᠦᠢ ᠴᠢᠬᠤᠯᠠ ᠶᠡᠭᠡ ᠭᠤᠣᠯ ᠰᠡᠳᠦᠪᠲᠦ ᠰᠤᠷᠤᠯᠴᠠᠯᠭ᠎ᠠ ᠶᠢ ᠴᠢᠩᠭᠠᠳᠬᠠᠵᠤ᠂ ᠰᠣᠩᠭᠤᠭᠰᠠᠨ ᠮᠠᠲ᠋ᠧᠷᠢᠶᠠᠯ ᠨᠢ ᠨᠠᠩ ᠪᠠᠶᠠᠯᠢᠭ ᠪᠠᠶᠢᠵᠤ᠂ ᠨᠠᠩ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠢᠭᠰᠠᠭᠠᠵᠤ᠂ ᠬᠥᠮᠥᠨ ᠢ ᠬᠥᠮᠥᠵᠢᠭᠦᠯᠬᠦ ᠤᠳᠤᠷᠢᠳᠤᠮᠵᠢ ᠶᠢ ᠨᠠᠩ ᠢᠯᠡ ᠲᠣᠳᠣ ᠪᠣᠯᠭᠠᠪᠠ ᠭᠡᠵᠦ ᠲᠠᠨᠢᠯᠴᠠᠭᠤᠯᠪᠠ᠃      ᠴᠢᠨᠠᠷ ᠴᠢᠨᠰᠠᠭ᠎ᠠ ᠪᠣᠯ ᠵᠢᠭᠠᠬᠤ ᠮᠠᠲ᠋ᠧᠷᠢᠶᠠᠯ ᠤᠨ ᠠᠮᠢᠨ ᠰᠤᠳᠠᠰᠤ ᠮᠥᠨ᠃ ᠵᠢᠭᠠᠬᠤ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠶᠠᠪᠤᠴᠠ ᠳᠤ᠂ ᠰᠤᠷᠭᠠᠨ ᠬᠥᠮᠦᠵᠢᠯ ᠤᠨ ᠶᠠᠮᠤᠨ 18 ᠮᠤᠵᠢ ︵ᠣᠷᠣᠨ᠂ ᠬᠤᠲᠠ︶ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ 550 ᠭᠠᠷᠤᠢ ᠰᠤᠷᠭᠠᠭᠤᠯᠢ᠂ 2000 ᠭᠠᠷᠤᠢ ᠪᠠᠭᠰᠢ᠂ 10 ᠲᠦᠮᠡ ᠭᠠᠷᠤᠢ ᠰᠣᠷᠣᠬᠴᠢ ᠶᠢ ᠵᠣᠬᠢᠶᠠᠨ ᠪᠠᠶᠢᠭᠤᠯᠵᠤ ᠲᠤᠷᠰᠢᠨ ᠵᠢᠭᠠᠨ ᠰᠤᠷᠭᠠᠬᠤ ᠪᠠ ᠲᠤᠷᠰᠢᠨ ᠬᠡᠷᠡᠭᠯᠡᠬᠦ ᠠᠵᠢᠯ ᠢ ᠥᠷᠨᠢᠭᠦᠯᠵᠦ᠂ 500 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ᠭᠤᠣᠯᠯᠠᠭᠴᠢ ᠪᠠᠭᠰᠢ ᠪᠣᠯᠣᠨ ᠵᠢᠭᠠᠨ ᠰᠤᠳᠤᠯᠤᠭᠴᠢ ᠶᠢ ᠵᠣᠬᠢᠶᠠᠨ ᠪᠠᠶᠢᠭᠤᠯᠵᠤ ᠨᠠᠷᠢᠨ ᠨᠢᠮᠪᠠᠢ ᠬᠢᠨᠠᠨ ᠤᠩᠰᠢᠭᠤᠯᠵᠤ᠂ ᠵᠢᠭᠠᠬᠤ ᠮᠠᠲ᠋ᠧᠷᠢᠶᠠᠯ ᠤᠨ ᠲᠣᠬᠢᠷᠠᠬᠤ ᠴᠢᠨᠠᠷ ᠢ ᠪᠦᠭᠦ ᠲᠠᠯ᠎ᠠ ᠪᠠᠷ ᠰᠢᠯᠭᠠᠨ ᠪᠠᠶᠢᠴᠠᠭᠠᠪᠠ᠃      ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠤᠨ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠵᠥᠪᠯᠡᠯ ᠤᠨ ᠬᠢᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠵᠢᠭᠠᠬᠤ ᠮᠠᠲ᠋ᠧᠷᠢᠶᠠᠯ ᠳᠤ ᠴᠢᠩᠭ᠎ᠠ ᠨᠢᠮᠪᠠᠢ ᠠᠩᠬᠠᠨ ᠤ ᠬᠢᠨᠠᠯᠲᠠ᠂ ᠲᠠᠭᠢᠨ ᠬᠢᠨᠠᠯᠲᠠ ᠪᠠ ᠤᠯᠠᠨ ᠡᠭᠡᠯᠵᠢ ᠶᠢᠨ ᠲᠠᠭᠢᠨ ᠬᠢᠨᠠᠯᠲᠠ ᠬᠢᠵᠦ᠂ ᠪᠠᠲᠤᠯᠠᠭᠰᠠᠨ ᠤ ᠲᠠᠷᠠᠭ᠎ᠠ ᠤᠯᠤᠰ ᠤᠨ ᠵᠢᠭᠠᠬᠤ ᠮᠠᠲ᠋ᠧᠷᠢᠶᠠᠯ ᠤᠨ ᠵᠥᠪᠯᠡᠯ ᠳᠤ ᠮᠡᠳᠡᠭᠦᠯᠵᠦ ᠬᠢᠨᠠᠨ ᠬᠠᠷᠭᠤᠭᠤᠯᠵᠤ᠂ ᠤᠯᠤᠰ ᠲᠦᠷᠦ ᠶᠢᠨ ᠪᠣᠭᠤᠮᠲᠠ᠂ ᠰᠢᠨᠵᠢᠯᠡᠬᠦ ᠤᠬᠠᠭᠠᠨ ᠤ ᠪᠣᠭᠤᠮᠲᠠ ᠪᠠ ᠲᠣᠬᠢᠷᠠᠮᠵᠢᠲᠠᠢ ᠪᠣᠭᠤᠮᠲᠠ ᠶᠢ ᠪᠦᠭᠦ ᠲᠠᠯ᠎ᠠ ᠪᠠᠷ ᠰᠠᠶᠢᠲᠤᠷ ᠠᠳᠬᠤᠪᠠ᠃      ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠣᠶᠢᠷ᠎ᠠ ᠳᠤ ᠨᠢᠭᠡᠨᠲᠡ ᠭᠤᠣᠯᠯᠠᠭᠴᠢ ᠵᠢᠭᠠᠨ ᠰᠤᠳᠤᠯᠤᠭᠴᠢ ᠶᠢᠨ ᠤᠯᠤᠰ ᠤᠨ ᠲᠠᠰ ᠤᠨ ᠵᠢᠱᠢᠶ᠎ᠡ ᠦᠵᠡᠭᠦᠯᠭᠦ ᠪᠣᠯᠪᠠᠰᠤᠷᠠᠯ ᠢ ᠥᠷᠨᠢᠭᠦᠯᠵᠦ᠂ ᠡᠯ᠎ᠡ ᠭᠠᠵᠠᠷ ᠤᠨ ᠬᠢᠨ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠭᠦᠶᠢᠯᠡ ᠬᠢᠴᠢᠶᠡᠯᠯᠡᠬᠦ ᠪᠠᠭᠰᠢ ᠳᠤ ᠪᠣᠯᠪᠠᠰᠤᠷᠠᠯ ᠬᠦᠷᠲᠡᠭᠡᠪᠡ᠃ ᠡᠭᠦᠨ ᠤ ᠬᠠᠮᠲᠤ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠵᠦ᠂ ᠵᠢᠭᠠᠬᠤ ᠮᠠᠲ᠋ᠧᠷᠢᠶᠠᠯ ᠤᠨ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠨᠡᠶᠢᠭᠡᠮ ᠤᠨ ᠰᠠᠨᠠᠯ ᠢ ᠭᠦᠢᠴᠡᠳ ᠰᠣᠨᠣᠰᠴᠤ᠂ ᠵᠢᠭᠠᠬᠤ ᠮᠠᠲ᠋ᠧᠷᠢᠶᠠᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃                (ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 27 ᠤ ᠴᠠᠭᠢᠯᠭᠠᠨ ᠮᠡᠳᠡᠭᠡ) 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ