ᠭᠤᠷᠪᠠᠨ ᠹᠦ᠋ ᠶᠢᠨ ᠬᠠᠯᠠᠭᠤᠨ ᠳᠤ᠂ ᠮᠠᠰᠢ ᠣᠯᠠᠨ ᠬᠥᠮᠦᠨ ᠬᠠᠯᠠᠭᠤᠨ ᠠᠴᠠ ᠵᠠᠶᠢᠯᠠᠵᠤ ᠭᠡᠷ ᠲᠡᠭᠡᠨ ᠰᠠᠭᠤᠵᠤ ᠪᠠᠶᠢᠳᠠᠭ᠃ ᠲᠤᠰᠬᠠᠶ ᠮᠡᠷᠭᠡᠵᠢᠯᠲᠡᠨ᠄ | ᠬᠡᠷ ᠲᠡᠭᠡᠨ ᠪᠠᠶᠢᠭᠰᠠᠨ ᠴᠤ ᠨᠠᠷᠠᠰᠢᠬᠤ ᠠᠴᠠ ᠰᠡᠷᠭᠡᠶᠢᠯᠡᠬᠦ ᠬᠡᠷᠡᠭᠲᠡᠶ᠃ ᠭᠡᠷ ᠳᠣᠲᠣᠷᠠᠬᠢ ᠬᠠᠯᠠᠭᠤᠨ ᠤ ᠬᠡᠮᠵᠢᠶ᠎ᠡ ᠨᠢ 32 ᠠᠴᠠ ᠳᠡᠭᠡᠭᠰᠢ᠂ ᠴᠢᠭᠢᠭ ᠤᠨ ᠬᠡᠮᠵᠢᠶ᠎ᠡ ᠨᠢ | 60 % ᠠᠴᠠ ᠳᠡᠭᠡᠭᠰᠢ ᠪᠤᠯᠵᠤ᠂ ᠠᠭᠠᠷ ᠨᠡᠪᠲᠡᠷᠡᠬᠦ ᠦᠭᠡᠶ ᠦᠶ᠎ᠡ ᠳᠤ ᠠᠮᠠᠷᠬᠠᠨ ᠨᠠᠷᠠᠰᠢᠬᠤ ᠪᠠᠶᠢᠳᠠᠯ ᠭᠠᠷᠳᠠᠭ᠃ ᠨᠠᠷᠠᠰᠢᠬᠰᠠᠨ ᠢᠯᠡᠷᠡᠯ ᠰᠢᠨᠵᠢ ᠭᠠᠷᠪᠠᠯ ᠳᠠᠷᠤᠢ | ᠲᠦᠷᠭᠡᠨ ᠨᠠᠷᠠᠰᠢᠬᠤ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠶᠡᠷᠦ ᠶᠢᠨ ᠬᠠᠯᠠᠭᠤᠨ ᠢ ᠪᠠᠭᠤᠷᠠᠭᠤᠯᠬᠤ ᠡᠮ ᠤᠤᠭᠤᠬᠤ ᠨᠢ ᠶᠠᠮᠠᠷᠴᠤ ᠦᠢᠯᠡᠳᠦᠯ | ᠲᠤᠰᠠ ᠭᠠᠷᠬᠤ ᠦᠭᠡᠢ᠃ ᠬᠠᠷᠢᠨ ᠥᠨᠳᠥᠷ ᠬᠠᠯᠠᠭᠤᠨ ᠣᠷᠴᠢᠨ ᠲᠣᠭᠤᠷᠢᠨ ᠠᠴᠠ ᠨᠢ ᠠᠯᠢ ᠪᠤᠯᠬᠤ ᠪᠠᠷ ᠲᠦᠷᠭᠡᠨ ᠵᠠᠶᠢᠯᠠᠭᠤᠯᠵᠤ᠂ ᠤᠷᠢᠳ ᠢᠶᠠᠷ ᠡᠪᠡᠳᠴᠢᠲᠡᠨ ᠢ | ᠰᠠᠯᠬᠢ ᠨᠡᠪᠲᠡᠷᠡᠬᠦ ᠭᠠᠵᠠᠷ ᠲᠤ ᠰᠢᠯᠵᠢᠭᠦᠯᠵᠦ᠂ ᠡᠪᠡᠳᠴᠢᠲᠡᠨ ᠳᠤ ᠲᠦᠷᠭᠡᠨ ᠤᠰᠤ ᠪᠠ ᠡᠷᠦᠳᠡᠰᠦ ᠨᠥᠬᠦᠪᠥᠷᠢᠯᠡᠬᠦ ᠬᠡᠷᠡᠭᠲᠡᠶ᠃ ᠹᠢᠽᠢᠺ ᠤᠨ ᠠᠷᠭ᠎ᠠ ᠪᠠᠷ | ᠬᠠᠯᠠᠭᠤᠨ ᠢ ᠨᠢ ᠪᠠᠭᠤᠷᠠᠭᠤᠯᠵᠤ᠂ ᠬᠦᠢᠲᠡᠨ ᠤᠰᠤ ᠪᠠᠷ ᠪᠡᠶ᠎ᠡ ᠶᠢ ᠨᠢ ᠵᠦᠯᠭᠦᠬᠦ ᠪᠤᠶᠤ ᠪᠦᠯᠢᠶᠡᠨ ᠤᠰᠤ ᠪᠠᠷ ᠪᠡᠶ᠎ᠡ ᠶᠢ ᠨᠢ ᠤᠬᠢᠶᠠᠬᠤ ᠬᠡᠷᠡᠭᠳᠡᠢ᠂ ᠬᠦᠨᠳᠦ | ᠨᠠᠷᠠᠰᠢᠬᠰᠠᠨ ᠪᠠᠶᠢᠪᠠᠯ ᠮᠥᠰᠥᠨ ᠤᠭᠤᠲᠠ ᠶᠢ ᠡᠪᠡᠳᠴᠢᠲᠡᠨ ᠤ ᠮᠠᠩᠨᠠᠢ᠂ ᠬᠦᠵᠦᠭᠦᠨ ᠤ ᠬᠡᠰᠡᠭ᠂ ᠰᠤᠭᠤ ᠪᠠ ᠴᠠᠪᠢᠨ ᠳᠤᠨᠢ ᠲᠠᠯᠪᠢᠵᠤ᠂ ᠡᠪᠡᠳᠴᠢᠲᠡᠨ ᠤ | ᠪᠡᠶ᠎ᠡ ᠶᠢᠨ ᠢᠯᠴᠢ ᠶᠢ ᠲᠠᠷᠬᠠᠭᠠᠬᠤ ᠪᠠᠭᠤᠷᠠᠭᠤᠯᠬᠤ ᠶᠢ ᠲᠦᠷᠭᠡᠳᠬᠡᠬᠦ ᠭᠡᠷᠡᠭᠳᠡᠢ ᠭᠡᠵᠦ ᠰᠠᠨᠠᠭᠤᠯᠪᠠ᠃ ᠪᠢᠲᠡᠭᠦᠦ ᠣᠷᠣᠨ ᠵᠠᠶ ᠳᠤ ᠣᠷᠳᠣ ᠬᠤᠭᠤᠴᠠᠭ᠎ᠠ ᠪᠠᠷ ᠠᠭᠠᠷ | ᠲᠣᠬᠢᠷᠠᠭᠤᠯᠤᠭᠴᠢ ᠶᠢ ᠬᠡᠷᠡᠭᠯᠡᠬᠦ᠂ ᠴᠢᠨᠠᠭᠰᠢᠯᠠᠪᠠᠯ ᠵᠠᠷᠢᠮ ᠦᠶ᠎ᠡ ᠳᠤ ᠠᠭᠠᠷ ᠲᠣᠬᠢᠷᠠᠭᠤᠯᠤᠭᠴᠢ ᠶᠢᠨ ᠬᠠᠯᠠᠭᠤᠨ ᠤ ᠬᠡᠮᠵᠢᠶ᠎ᠡ ᠨᠡᠯᠢᠶᠡᠳ ᠳᠤᠤᠷ᠎ᠠ ᠪᠠᠶᠢᠬᠤ ᠳᠤ ᠬᠦᠷᠪᠡᠯ | ᠪᠡᠶ᠎ᠡ ᠡᠪ ᠦᠭᠡᠶᠢᠷᠡᠬᠦ ᠪᠠᠶᠢᠳᠠᠯ ᠰᠢᠨᠵᠢ ᠨᠤᠭᠤᠳ ᠭᠠᠷᠴᠤ ᠮᠡᠳᠡᠨ᠎ᠡ᠂ ᠡᠭᠦᠨ ᠳᠤ ᠠᠮᠢᠰᠬᠤᠯ ᠤᠨ ᠰᠢᠰᠲ᠋ᠧᠮ ᠤᠨ ᠡᠪᠡᠳᠴᠢᠨ᠂ ᠬᠠᠯᠳᠠᠪᠤᠷᠢᠯᠠᠯ ᠤᠨ ᠴᠢᠨᠠᠷᠲᠠᠶ | ᠡᠪᠡᠳᠴᠢᠨ᠂ ᠬᠠᠷᠰᠢᠮᠠᠲᠠᠭᠠᠶ ᠴᠢᠨᠠᠷᠲᠠᠶ ᠡᠪᠡᠳᠴᠢᠨ ᠵᠡᠷᠭᠡ ᠪᠤᠢ᠂ ᠡᠭᠦᠨ ᠢ ᠶᠡᠷᠦᠩᠬᠡᠶᠢᠯᠡᠭᠡᠳ ︽ᠠᠭᠠᠷ ᠲᠣᠬᠢᠷᠠᠭᠤᠯᠤᠭᠴᠢ ᠶᠢᠨ ᠡᠪᠡᠳᠴᠢᠨ︾ ᠭᠡᠳᠡᠭ᠃ |