ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠳᠤ᠂ 2025 ᠣᠨ ᠠᠴᠠ ᠡᠬᠢᠯᠡᠨ᠂ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠳᠤ ᠵᠠᠯᠭᠠᠭ᠎ᠠ ᠪᠠᠷ ᠪᠦᠬᠦᠯᠢ 4 ᠵᠢᠯ ᠣᠷᠣᠯᠴᠠᠵᠤ᠂ ᠳᠠᠷᠠᠭ᠎ᠠ ᠨᠢ ᠦᠷᠭᠦᠯᠵᠢᠯᠡᠨ ᠳᠠᠭᠠᠳᠬᠠᠯ ᠳᠤ ᠣᠷᠣᠯᠴᠠᠬᠤ 1 ᠵᠢᠯ ᠪᠦᠷᠢ ᠬᠦᠨᠳᠦ ᠡᠪᠡᠳᠴᠢᠨ ᠤ | ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠨᠠᠭᠠᠳᠤ ᠵᠠᠬ᠎ᠠ ᠳᠠᠭᠠᠨ 1000 ᠲᠥᠭᠦᠷᠢᠭ ᠳᠡᠭᠡᠭᠰᠢᠯᠡᠭᠦᠯᠵᠦ ᠪᠣᠯᠤᠨ᠎ᠠ︔ ᠲᠣᠰ | ᠵᠢᠯ ᠳᠡᠭᠡᠨ ᠲᠠᠩᠰᠠ ᠲᠠᠶᠢᠯᠬᠤ ᠬᠠᠷᠠᠭᠠᠯᠵᠠᠯ ᠢ ᠭᠥᠷᠳᠡᠭᠰᠡᠨ ᠥᠬᠡᠶ ᠪᠣᠯ᠂ ᠬᠤᠶᠠᠳᠤᠭᠠᠷ ᠵᠢᠯ ᠳᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ | ᠳᠥᠯᠥᠬᠦ ᠬᠢᠵᠠᠭᠠᠷ ᠲᠤᠭ᠎ᠠ ᠶᠢ ᠨᠠᠭᠠᠳᠤ ᠵᠠᠬ᠎ᠠ ᠳᠠᠭᠠᠨ 1000 ᠲᠥᠭᠦᠷᠢᠭ ᠳᠡᠭᠡᠭᠰᠢᠯᠡᠭᠦᠯᠵᠦ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ᠃ | ᠲᠡᠭᠡᠪᠡᠯ ᠬᠦᠨᠳᠦ ᠡᠪᠡᠳᠴᠢᠨ ᠤ ᠳᠠᠭᠠᠳᠬᠠᠯ ᠭᠡᠵᠦ ᠶᠠᠭᠤ ᠪᠤᠢ︖ ᠬᠡᠷᠬᠢᠨ ᠳᠠᠩᠰᠠ ᠲᠠᠶᠢᠯᠬᠤ ᠪᠤᠢ︖ | ᠠ᠄ ᠬᠠᠨᠢ ᠡ᠂ ᠠᠶᠢᠯ ᠠᠶᠢᠮᠠᠭ ᠤᠨ ᠬᠢᠨ ᠬᠡᠯᠡᠬᠦ ᠪᠠᠷ ᠮᠠᠨ ᠤ ᠬᠡᠤᠬᠡᠳ ᠡᠨᠡ ᠤᠳᠠᠭ᠎ᠠ ᠡᠮᠨᠡᠯᠭᠡ ᠳᠤ ᠰᠠᠭᠤᠭᠰᠠᠨ ᠡᠮ ᠤᠨ ᠵᠠᠷᠤᠳᠠᠯ ᠨᠡᠯᠢᠶᠡᠳ ᠶᠡᠭᠡ᠂ | ᠲᠡᠶᠢᠮᠦ ᠠᠴᠠ ᠡᠮᠨᠡᠯᠭᠡ ᠶᠢᠨ ᠲᠠᠭᠠᠳᠬᠠᠯ ᠤᠨ ᠰᠠᠯᠠᠭ᠎ᠠ ᠮᠦᠴᠢᠷ ᠲᠤ ᠬᠦᠨᠳᠦ ᠡᠪᠡᠳᠴᠢᠨ ᠤ ᠲᠠᠭᠠᠳᠬᠠᠯ ᠤᠨ ᠮᠦᠩᠭᠦ ᠶᠢ ᠭᠤᠶᠤᠴᠢᠯᠠᠵᠤ ᠪᠤᠯᠤᠨ᠎ᠠ ᠭᠡᠨ᠎ᠡ᠃ | ᠡ᠄ ᠭᠡᠪᠡᠴᠦ ᠪᠢᠳᠡ ᠬᠦᠨᠳᠦ ᠡᠪᠡᠳᠴᠢᠨ ᠤ ᠳᠠᠭᠠᠳᠬᠠᠯ ᠠᠪᠤᠭᠰᠠᠨ ᠦᠭᠡᠢ ᠰᠢᠦ᠂ ᠲᠡᠭᠡᠭᠰᠡᠨ ᠴᠦ ᠡᠷᠭᠦᠳᠡᠯ ᠭᠠᠷᠭᠠᠵᠤ ᠪᠣᠯᠬᠤ ᠤᠤ︖ | ᠠ᠄ ᠪᠢ ᠠᠰᠠᠭᠤᠵᠠᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠳᠤ ᠢᠯᠡᠭᠦᠴᠡ ᠰᠦᠢᠳᠬᠡᠯ ᠲᠤᠰᠢᠶᠠᠬᠤ | ᠬᠡᠷᠡᠭ ᠦᠭᠡᠶ᠂ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠳᠤ ᠣᠷᠣᠯᠴᠠᠪᠠᠯ ᠪᠣᠯᠴᠢᠬᠠᠨ᠎ᠠ᠃ | ᠡ᠄ ᠪᠢᠳᠡ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠬᠠᠯᠠᠭᠤᠨ ᠤᠲᠠᠰᠤ ᠪᠠᠷ ᠠᠰᠠᠭᠤᠵᠤ ᠦᠵᠡᠶ᠎ᠡ᠃ | ᠡ᠄ ᠰᠠᠶᠢᠨ ᠪᠠᠶᠢᠨ᠎ᠠ ᠤᠤ︖ ᠮᠢᠨᠤ ᠬᠡᠦᠬᠡᠳ ᠡᠨᠡ ᠵᠢᠯ ᠡᠮᠨᠡᠯᠭᠡ ᠳᠤ ᠰᠠᠭᠤᠭᠠᠳ ᠪᠠᠭ᠎ᠠ ᠪᠤᠰᠤ ᠵᠣᠭᠤᠰ ᠵᠠᠷᠤᠴᠠᠭᠤᠯᠤᠭᠰᠠᠨ ᠶᠤᠮ᠃ ᠬᠦᠨᠳᠦ | ᠡᠪᠡᠳᠴᠢᠨ ᠤ ᠳᠠᠭᠠᠳᠬᠠᠯ ᠳᠤ ᠶᠠᠭᠠᠬᠢᠵᠤ ᠡᠷᠭᠦᠳᠡᠯ ᠭᠠᠷᠭᠠᠬᠤ ᠪᠤᠢ︖ | ᠢ᠄ ᠠᠪᠤᠭᠠᠢ ᠲᠠ ᠰᠠᠶᠢᠨ ᠤᠤ︖᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠡᠷᠪᠡ ᠲᠠᠨ ᠤ ᠬᠡᠦᠬᠡᠳ ᠲᠣᠭᠲᠠᠭᠰᠠᠨ ᠡᠮᠨᠡᠯᠭᠡ ᠶᠢᠨ | ᠪᠠᠶᠢᠭᠤᠯᠤᠮᠵᠢ ᠳᠤ ᠭᠠᠷᠤᠭᠰᠠᠨ ᠡᠮᠴᠢᠯᠡᠭᠡᠨ ᠤ ᠵᠠᠷᠤᠳᠠᠯ ᠨᠢ ᠲᠣᠭᠲᠠᠭᠠᠯ ᠳᠤ ᠨᠡᠶᠢᠴᠡᠬᠦ ᠮᠥᠷᠲᠡᠭᠡᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠥᠭᠬᠦ | ᠬᠢᠵᠠᠭᠠᠷ ᠲᠤ ᠬᠦᠷᠦᠭᠰᠡᠨ ᠪᠠᠶᠢᠪᠠᠯ᠂ ᠲᠤᠰᠬᠠᠢ ᠮᠡᠳᠡᠭᠦᠯᠬᠦ ᠴᠢᠬᠤᠯᠠ ᠦᠭᠡᠢ᠂ ᠬᠡᠲᠦᠷᠡᠭᠰᠡᠨ ᠬᠡᠰᠡᠭ ᠢ ᠨᠢ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ | ᠲᠠᠶᠢᠯᠬᠤ ᠬᠡᠪᠴᠢᠶᠡᠨ ᠳᠤ ᠠᠦ᠋ᠲ ᠢᠶᠠᠷ ᠣᠷᠣᠭᠤᠯᠴᠢᠬᠠᠨᠠ᠃ | ᠡ᠄ ᠲᠡᠭᠡᠪᠡᠯ ᠪᠢ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠤᠭᠰᠠᠨ ᠡᠰᠡᠬᠦ ᠶᠢ ᠶᠠᠭᠠᠬᠢᠵᠤ ᠮᠡᠳᠡᠬᠦ ᠪᠤᠢ︖ | ᠢ᠄ ᠡᠨᠡ ᠲᠣᠩ ᠬᠢᠯᠪᠠᠷ︕ ᠲᠠ ᠡᠮᠨᠡᠯᠭᠡ ᠳᠤ ᠰᠠᠭᠤᠭᠰᠠᠨ ᠰᠦᠢᠳᠬᠡᠯ ᠬᠤᠷᠢᠶᠠᠬᠤ ᠫᠢᠶᠣᠤ ᠪᠠᠷᠢᠮᠲᠠ ᠪᠠᠨ ᠦᠵᠡᠭᠡᠷᠡᠢ᠂ ᠳᠣᠲᠣᠷ᠎ᠠ ᠨᠢ ᠬᠦᠨᠳᠦ | ᠡᠪᠡᠳᠴᠢᠨ ᠤ ᠳᠠᠭᠠᠳᠬᠠᠯ ᠢᠶᠠᠷ ᠲᠥᠯᠥᠬᠦ ᠵᠦᠢᠯ ᠭᠡᠵᠦ ᠪᠠᠶᠢᠨ᠎ᠠ᠂ ᠡᠯ᠎ᠡ ᠮᠤᠵᠢ ᠬᠤᠲᠠ ᠶᠢᠨ ᠳᠠᠭᠤᠳᠠᠯᠭ᠎ᠠ ᠶᠢᠨ ᠲᠠᠯ᠎ᠠ ᠪᠠᠷ ᠠᠳᠠᠯᠢ ᠦᠭᠡᠢ᠂ ᠠᠷᠤ ᠲᠠᠯ᠎ᠠ ᠶᠢᠨ | ᠵᠣᠭᠤᠰ ᠤᠨ ᠲᠤᠭ᠎ᠠ ᠨᠢ ᠲᠤᠰ ᠤᠳᠠᠭᠠᠨ ᠤ ᠳᠠᠩᠰᠠ ᠲᠠᠶᠢᠯᠤᠭᠰᠠᠨ ᠬᠦᠨᠳᠦ ᠡᠪᠡᠳᠴᠢᠨ ᠤ ᠳᠠᠭᠠᠳᠬᠠᠯ ᠤᠨ ᠨᠥᠬᠦᠪᠥᠷᠢ ᠪᠣᠯᠣᠨ᠎ᠠ᠂ ᠲᠠᠨ ᠤ ᠥᠪᠡᠷ ᠢᠶᠠᠨ | ᠲᠤᠰᠢᠶᠠᠬᠤ ᠶᠣᠰᠣᠲᠠᠢ ᠰᠦᠢᠳᠬᠡᠯ ᠠᠴᠠ ᠬᠠᠰᠤᠭᠰᠠᠨ ᠪᠣᠯᠬᠤᠷ ᠪᠣᠳᠠᠲᠠᠢ ᠲᠤᠰᠢᠶᠠᠬᠤ ᠵᠣᠭᠤᠰ ᠤᠨ ᠲᠤᠭ᠎ᠠ ᠨᠢ ᠪᠠᠭᠠᠰᠬᠤ ᠶᠤᠮ᠃ | ᠡ᠄ ᠪᠢ ᠬᠠᠷᠠᠶ᠎ᠠ᠃ ᠦᠨᠡᠬᠡᠷ ᠲᠡᠶᠢᠮᠦ ᠪᠠᠶᠢᠨ᠎ᠠ ᠰᠢᠤ᠃ ᠪᠠᠷᠢᠮᠲᠠ ᠳᠤ ᠬᠦᠨᠳᠦ ᠡᠪᠡᠳᠴᠢᠨ ᠤ ᠳᠠᠭᠠᠳᠬᠠᠯ 1.94 ᠲᠦᠮᠡᠨ ᠲᠥᠭᠦᠷᠢᠭ ᠲᠠᠶᠢᠯᠤᠭᠰᠠᠨ | ᠪᠠᠶᠢᠨ᠎ᠠ᠂ ᠬᠠᠷᠢᠨ ᠡᠮᠨᠡᠯᠭᠡ ᠠᠴᠠ ᠭᠠᠷᠴᠤ ᠳ᠋ᠦᠩᠨᠡᠨ ᠪᠤᠳᠤᠬᠤ ᠦᠶ᠎ᠡ ᠳᠤ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠨᠢ ᠪᠠᠭ᠎ᠠ ᠪᠤᠰᠤ ᠪᠠᠶᠢᠭᠰᠠᠨ | ᠰᠢᠭ ᠰᠠᠨᠠᠭᠳᠠᠪᠠ︕ | ᠢ᠄ ᠡᠭᠦᠨ ᠠᠴᠠ ᠭᠠᠳᠠᠨ᠎ᠠ᠂ ᠲᠠ ᠪᠠᠰᠠ ︽ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠢ ᠪᠠᠭᠤᠯᠭᠠᠵᠤ᠂ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠪᠠᠶᠢᠳᠠᠯ ᠪᠠ ᠡᠮ ᠡᠮᠨᠡᠯᠭᠡ ᠶᠢᠨ ᠳᠠᠭᠠᠳᠬᠠᠯ ᠤᠨ ᠬᠡᠷᠡᠭᠯᠡᠯᠲᠡ ᠶᠢᠨ ᠲᠡᠮᠳᠡᠭᠯᠡᠯ ᠢ ᠥᠪᠡᠰᠦᠪᠡᠨ ᠪᠠᠶᠢᠴᠠᠭᠠᠨ | ᠯᠠᠪᠯᠠᠵᠤ ᠪᠣᠯᠤᠨ᠎ᠠ᠂ ᠡᠭᠦᠨ ᠳᠤ ᠡᠮ ᠡᠮᠨᠡᠯᠭᠡ ᠶᠢᠨ ᠵᠠᠷᠤᠳᠠᠯ ᠤᠨ ᠨᠠᠷᠢᠨ ᠲᠠᠩᠰᠠ ᠪᠠ ᠳ᠋ᠦᠩᠨᠡᠨ ᠪᠤᠳᠤᠬᠤ ᠨᠠᠷᠢᠨ ᠲᠠᠩᠰᠠ ᠵᠡᠷᠭᠡ ᠪᠠᠭᠲᠠᠨ᠎ᠠ᠃ | ᠡ᠄ ᠠ᠂ ᠲᠡᠶᠢᠮᠦ ᠪᠠᠶᠢᠨ᠎ᠠ᠂ ᠲᠡᠭᠡᠪᠡᠯ ᠲᠤᠩ ᠳᠥᠭᠦᠮ ᠪᠣᠯᠴᠢᠬᠠᠵᠠᠢ᠂ ᠪᠠᠶᠠᠷᠯᠠᠯ᠎ᠠ᠃ | |