ᠪᠦᠭᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 13.1% ᠪᠠᠷ ᠨᠡᠮᠡᠭᠳᠡᠵᠡᠢ
ᠨᠡᠶᠢᠲᠡᠯᠡᠭᠰᠡᠨ ᠴᠠᠭ᠄
2024/8/6
      ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.1% ᠪᠠᠷ ᠨᠡᠮᠡᠭᠳᠡᠵᠦ᠂ ᠪᠦᠭᠦ ᠤᠯᠤᠰ ᠤᠨ ᠠᠵᠤ ᠦᠢᠯᠡᠳᠪᠦᠷᠢ ᠶᠢᠨ ᠪᠡᠯᠡ ᠤᠷᠤᠭᠤᠯᠤᠯᠳᠠ ᠶᠢᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 0.5 ᠬᠤᠪᠢ ᠳᠠᠪᠠᠵᠤ᠂ ᠪᠦᠭᠦ ᠤᠯᠤᠰ ᠤᠨ 19 ᠳ᠋ᠦ᠋ᠭᠡᠷ ᠲᠤ ᠵᠢᠭᠰᠠᠪᠠ᠃      ᠠᠶᠢᠮᠠᠭ ᠬᠤᠳᠠ ᠶᠢᠨ ᠬᠤᠪᠢ ᠳᠤ᠂ ᠳᠡᠭᠡᠷ᠎ᠡ ᠬᠠᠭᠠᠰ ᠵᠢᠯ ᠳᠤ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠪᠤᠭᠤᠲᠤ ᠬᠤᠳᠠ ᠪᠠ ᠣᠷᠳᠣᠰ ᠬᠤᠳᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠲᠤᠰ ᠲᠤᠰ 53.7%᠂ 53%᠂ 26.1% ᠪᠠ 17.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠭᠦ ᠣᠷᠣᠨ ᠤ ᠳᠤᠮᠳᠠᠴᠢ ᠲᠦᠪᠰᠢᠨ ᠠᠴᠠ ᠳᠠᠪᠠᠪᠠ᠃ ᠬᠢᠩᠭᠠᠨ ᠠᠶᠢᠮᠠᠭ᠂ ᠦᠬᠠᠢ ᠬᠤᠳᠠ᠂ ᠭᠦᠭᠡᠬᠤᠳᠠ᠂ ᠬᠥᠯᠥᠨ ᠪᠤᠶᠢᠷ ᠬᠤᠳᠠ ᠪᠠ ᠤᠯᠠᠭᠠᠨᠴᠠᠪ ᠬᠤᠳᠠ ᠶᠢᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠨᠢ ᠲᠤᠰ ᠲᠤᠰ - 23.5%᠂ -9%᠂ -5.9% ᠪᠠ -1.1% ᠪᠠᠶᠢᠵᠤ᠂ ᠰᠥᠭᠡᠷᠭᠦ ᠨᠡᠮᠡᠭᠳᠡᠯ ᠲᠠᠢ ᠪᠣᠯᠵᠠᠢ᠃ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠳᠠ ᠪᠠ ᠠᠯᠠᠱᠠ ᠠᠶᠢᠮᠠᠭ ᠤᠨ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ ᠲᠤᠰ ᠲᠤᠰ 12.5%᠂ 7.4% ᠪᠠ 4.9% ᠪᠠᠷ ᠨᠡᠮᠡᠭᠳᠡᠵᠦ᠂ ᠰᠥᠭᠡᠷᠭᠦ ᠨᠡᠮᠡᠭᠳᠡᠯ ᠲᠠᠢ ᠪᠠᠶᠢᠭᠰᠠᠨ ᠠᠴᠠ ᠪᠠᠨ ᠡᠶᠡᠷᠭᠦ ᠨᠡᠮᠡᠭᠳᠡᠯ ᠲᠠᠢ ᠪᠣᠯᠵᠤ᠂ ᠲᠤᠰ ᠲᠤᠰ ᠵᠠᠭᠤᠨ ᠤ ᠬᠠᠷᠢᠴᠠᠯ ᠢᠶᠠᠷ 28 ᠬᠤᠪᠢ᠂ 14 ᠬᠤᠪᠢ ᠪᠠ 11.9 ᠬᠤᠪᠢ ᠨᠡᠮᠡᠭᠳᠡᠵᠡᠢ᠃      ᠠᠵᠢᠯ ᠲᠦᠷᠦᠯ ᠤᠨ ᠬᠤᠪᠢ ᠳᠤ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠠᠭᠤᠷᠬᠠᠢ ᠮᠠᠯᠲᠠᠬᠤ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 22.3% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 6 ᠬᠤᠪᠢ ᠨᠡᠮᠡᠭᠳᠡᠨ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 5.3 ᠬᠤᠪᠢ ᠳᠠᠪᠠᠪᠠ᠃ ᠦᠢᠯᠡᠳᠬᠦ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 10.9% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 10.3 ᠬᠤᠪᠢ ᠪᠠᠭᠤᠷᠠᠨ᠂ ᠪᠦᠭᠦ ᠤᠯᠤᠰ ᠤᠨ ᠳᠤᠮᠳᠠᠴᠢ ᠲᠦᠪᠰᠢᠨ  ᠠᠴᠠ ᠵᠠᠭᠤᠨ ᠤ ᠬᠠᠷᠢᠴᠠᠯ ᠢᠶᠠᠷ 1.4 ᠬᠤᠪᠢ ᠳᠠᠪᠠᠵᠠᠢ᠃ ᠴᠠᠭᠢᠯᠭᠠᠨ ᠬᠦᠴᠦ ᠢᠯᠴᠢ ᠶᠢᠨ ᠬᠦᠴᠦ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠳᠠ 14% ᠪᠠᠷ ᠨᠡᠮᠡᠭᠳᠡᠵᠦ᠂ ᠲᠦᠷᠦᠭᠦᠦ 5 ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 6.5 ᠬᠤᠪᠢ ᠳᠠᠪᠠᠵᠤ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 10.2 ᠬᠤᠪᠢ ᠪᠠᠭ᠎ᠠ ᠪᠠᠶᠢᠯ᠎ᠠ᠃ 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ