ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠣᠷᠣᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ 11683 ᠳ᠋ᠦᠩᠰᠢᠭᠤᠷ | ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠵᠦ᠂ ᠠᠳᠠᠯᠢ | ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.2 ᠬᠤᠪᠢ ᠳᠠᠪᠠᠵᠠᠢ᠃ ᠡᠭᠦᠨ ᠳᠤ ᠨᠢᠭᠡᠳᠦᠭᠡᠷ ᠠᠵᠤ ᠦᠢᠯᠡᠰ ᠤᠨ | ᠨᠡᠮᠡᠭᠳᠡᠯ ᠥᠷᠲᠡᠭ 387 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ; ᠬᠤᠶᠠᠳᠤᠭᠠᠷ | ᠠᠵᠤ ᠦᠢᠯᠡᠰ ᠤᠨ ᠨᠡᠮᠡᠭᠳᠡᠯ ᠥᠷᠲᠡᠭ 5992 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.2% ᠢᠶᠠᠷ | ᠨᠡᠮᠡᠭᠳᠡᠪᠡ; ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 5304 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 4.7% ᠪᠠᠷ ᠨᠡᠮᠡᠭᠳᠡᠪᠡ᠃ | ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠮᠠᠯ ᠠᠵᠤ ᠠᠬᠤᠢ ᠶᠢᠨ ᠬᠥᠭᠵᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃ | ᠡᠨᠡ ᠵᠢᠯ ᠠᠴᠠ ᠨᠠᠭᠠᠰᠢ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯ ᠠᠵᠤ ᠠᠬᠤᠢ | ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢ ᠲᠠᠷᠠᠬᠠᠢ ᠪᠤᠲᠠᠷᠬᠠᠢ ᠭᠡᠯᠪᠡᠷᠢ ᠠᠴᠠ ᠡᠷᠴᠢᠮᠵᠢᠭᠦᠯᠦᠨ ᠬᠤᠪᠢᠷᠠᠭᠤᠯᠬᠤ ᠶᠢ ᠠᠬᠢᠭᠤᠯᠵᠤ᠂ ᠨᠢᠭᠡᠳᠦᠭᠡᠷ ᠠᠵᠤ | ᠦᠢᠯᠡᠰ ᠤᠨ ᠲᠣᠭᠲᠠᠭᠤᠨ ᠢᠶᠠᠷ ᠬᠥᠭᠵᠢᠬᠦ ᠳᠤ ᠰᠠᠭᠤᠷᠢ ᠲᠠᠯᠪᠢᠵᠤ ᠥᠭᠪᠡ᠃ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠲᠠᠷᠢᠶᠠᠯᠠᠩ ᠣᠶ ᠰᠢᠭᠤᠢ ᠮᠠᠯ ᠠᠵᠤ | ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠭᠠᠭ᠋ᠠᠢ ᠦᠬᠡᠷ ᠬᠤᠨᠢ ᠵᠢᠭᠦᠷᠲᠡᠨ ᠤ | ᠮᠢᠬᠠᠨ ᠤ ᠭᠠᠷᠤᠯᠲᠠ᠂ ᠦᠨᠢᠶᠡᠨ ᠰᠦ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 4.3% ᠪᠠ 2.6% ᠪᠠᠷ ᠨᠡᠮᠡᠭᠳᠡᠪᠡ᠃ | ᠳᠡᠭᠡᠷ᠎ᠡ ᠬᠠᠭᠠᠰ ᠵᠢᠯ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠵᠦ᠂ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠪᠦᠭᠦ ᠤᠯᠤᠰ | ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.5 ᠬᠤᠪᠢ | ᠲᠠᠪᠠᠪᠠ;ᠦᠶᠯᠡᠴᠢᠯᠡᠭᠡᠨ ᠤ ᠦᠢᠯᠡᠰ ᠲᠦᠷᠭᠡᠨ ᠰᠡᠷᠭᠦᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠬᠥᠭᠵᠢᠵᠦ᠂ ᠪᠦᠭᠦ ᠣᠷᠣᠨ ᠤ | ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ᠃ ᠲᠦᠷᠦᠭᠦᠦ 5 ᠰᠠᠷ᠎ᠠ ᠳᠤ ᠪᠦᠭᠦ | ᠣᠷᠣᠨ ᠤ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠣᠨᠤᠭ ᠵᠢᠴᠢ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠪᠣᠯᠣᠨ ᠰᠢᠨᠵᠢᠯᠡᠬᠦ | ᠤᠬᠠᠭᠠᠨ ᠤ ᠰᠤᠳᠤᠯᠭᠠᠨ ᠵᠢᠴᠢ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠴᠥᠮ 13% ᠪᠠᠷ ᠨᠡᠮᠡᠭᠳᠡᠪᠡ;ᠲᠣᠬᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠵᠦ᠂ ᠪᠦᠭᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ︵ᠲᠠᠷᠢᠶᠠᠯᠠᠬᠤ ᠡᠷᠦᠭᠡ ᠶᠢ ᠪᠠᠭᠲᠠᠭᠠᠬᠤ ᠦᠭᠡᠢ︶ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.0% ᠪᠠᠷ ᠨᠡᠮᠡᠭᠳᠡᠵᠦ᠂ ᠠᠳᠠᠯᠢ | ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠵᠠᠭᠤᠨ ᠤ ᠬᠠᠷᠢᠴᠠᠯ ᠢᠶᠠᠷ 8.1 ᠬᠤᠪᠢ ᠳᠠᠪᠠᠵᠤ᠂ ᠪᠦᠭᠦ ᠤᠯᠤᠰ ᠤᠨ ᠬᠤᠶᠠᠳᠤᠭᠠᠷ ᠲᠤ | ᠵᠢᠬᠰᠠᠪᠠ; ᠬᠡᠷᠡᠭᠯᠡᠭᠡ ᠲᠣᠭᠲᠠᠭᠤᠨ ᠨᠡᠮᠡᠭᠳᠡᠯ ᠢᠶᠠᠨ ᠪᠠᠲᠤᠯᠠᠵᠤ᠂ ᠪᠦᠭᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ | ᠶᠡᠷᠦᠩᠬᠡᠢ ᠲᠤᠭ᠎ᠠ 2533.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.8% ᠪᠠᠷ ᠨᠡᠮᠡᠭᠳᠡᠪᠡ; | ᠰᠠᠭᠤᠭᠠᠯᠢ ᠠᠷᠠᠳ ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠪᠦᠭᠦ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ | 19054 ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.0% ᠪᠠᠷ ᠨᠡᠮᠡᠭᠳᠡᠪᠡ᠃ | |