| ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ 6 ᠰᠠᠷ᠎ᠠ ᠶᠢᠨ ᠰᠡᠭᠦᠯᠴᠢ | ᠪᠤᠯᠳᠠᠯ᠎ᠠ ᠪᠦᠭᠦ ᠣᠷᠣᠨ ᠤ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠶᠡᠷᠦᠩᠬᠡᠶᠢᠯᠡᠭᠰᠡᠨ ᠪᠠᠷᠢᠯᠭ᠎ᠠ ᠪᠠᠨ ᠡᠬᠢᠯᠡᠭᠦᠯᠵᠦ ᠰᠡᠷᠭᠦᠭᠡᠭᠰᠡᠨ | ᠨᠤᠷᠮ᠎ᠠ 99.8% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠳᠡᠭᠡᠭᠰᠢᠯᠡᠪᠡ᠃ | ᠡᠨᠡ ᠵᠢᠯ ᠮᠠᠨ ᠤ ᠣᠷᠣᠨ ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠲᠠᠢ᠂ ᠶᠡᠷᠦᠩᠬᠡᠢ ᠪᠡᠯᠡ ᠤᠷᠤᠭᠤᠯᠤᠯᠳᠠ ᠨᠢ 2.1 ᠲᠦᠮᠡᠨ | ᠳ᠋ᠦᠩᠰᠢᠭᠤᠷ ᠲᠥᠭᠦᠷᠢᠭ ᠲᠤ ᠬᠦᠷᠬᠦ 1240 ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ 6 ᠰᠠᠷ᠎ᠠ ᠶᠢᠨ | ᠰᠡᠭᠦᠯᠴᠢ ᠪᠤᠯᠳᠠᠯ᠎ᠠ 1238 ᠲᠦᠷᠦᠯ ᠵᠦᠢᠯ ᠨᠢ ᠪᠠᠷᠢᠯᠭ᠎ᠠ ᠪᠠᠨ ᠡᠬᠢᠯᠡᠭᠦᠯᠦᠭᠰᠡᠨ ᠪᠤᠶᠤ ᠰᠡᠷᠭᠦᠭᠡᠪᠡ᠃ ᠡᠭᠦᠨ ᠳᠤ ᠰᠢᠨ᠎ᠡ ᠪᠠᠷ ᠪᠦᠲᠦᠭᠡᠨ ᠪᠠᠶᠢᠭᠤᠯᠬᠤ 649 | ᠲᠦᠷᠦᠯ ᠵᠦᠢᠯ ᠪᠠᠷᠢᠯᠭ᠎ᠠ ᠡᠬᠢᠯᠡᠵᠦ᠂ ᠪᠠᠷᠢᠯᠭ᠎ᠠ ᠡᠬᠢᠯᠡᠭᠰᠡᠨ ᠨᠤᠷᠮ᠎ᠠ ᠨᠢ 99.7% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ | ᠬᠠᠷᠢᠴᠠᠯ ᠢᠶᠠᠷ 1.6 ᠬᠤᠪᠢ ᠳᠡᠭᠡᠭᠰᠢᠯᠡᠪᠡ; ᠦᠷᠭᠦᠯᠵᠢᠯᠡᠨ ᠪᠦᠲᠦᠭᠡᠨ ᠪᠠᠶᠢᠭᠤᠯᠬᠤ 589 ᠲᠦᠷᠦᠯ ᠵᠦᠢᠯ ᠪᠠᠷᠢᠯᠭ᠎ᠠ ᠪᠠᠨ ᠰᠡᠷᠭᠦᠭᠡᠵᠦ᠂ ᠪᠠᠷᠢᠯᠭ᠎ᠠ ᠪᠠᠨ | ᠰᠡᠷᠭᠦᠭᠡᠭᠰᠡᠨ ᠨᠤᠷᠮ᠎ᠠ ᠨᠢ 100% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ | ᠣᠶᠢᠯᠠᠭᠠᠭᠰᠠᠨ ᠢᠶᠠᠷ ᠵᠢᠯ ᠤᠨ ᠡᠬᠢᠨ ᠠᠴᠠ ᠨᠠᠭᠠᠰᠢ ᠣᠷᠣᠨ ᠳᠠᠶᠠᠭᠠᠷ ᠢᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠤ ᠦᠷ᠎ᠡ ᠪᠦᠲᠦᠮᠵᠢ ᠣᠯᠬᠤ ᠶᠢ ᠱᠠᠯᠠᠪᠳᠠᠭᠤᠯᠤᠨ ᠠᠬᠢᠭᠤᠯᠤᠭᠰᠠᠨ ᠢᠶᠠᠷ ᠪᠦᠭᠦ ᠣᠷᠣᠨ ᠤ ᠴᠢᠬᠤᠯᠠ ᠶᠡᠭᠡ ᠲᠦᠷᠦᠯ | ᠵᠦᠢᠯ ᠤᠨ ᠪᠡᠯᠡ ᠤᠷᠤᠭᠤᠯᠤᠯᠳᠠ ᠲᠣᠭᠲᠠᠭᠤᠨ ᠤ ᠳᠤᠮᠳᠠ ᠰᠢᠯᠢᠳᠡᠭᠵᠢᠬᠦ ᠪᠠᠶᠢᠳᠠᠯ ᠢᠯᠡᠷᠡᠵᠦ᠂ ᠳᠡᠭᠡᠷ᠎ᠡ ᠬᠠᠭᠠᠰ ᠵᠢᠯ ᠳᠤ ᠪᠦᠭᠦ ᠣᠷᠣᠨ ᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠪᠡᠯᠡ ᠤᠷᠤᠭᠤᠯᠤᠯᠳᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠡᠶᠡᠯᠡᠭᠦᠯᠦᠭᠰᠡᠨ ᠪᠡᠯᠡ ᠤᠷᠤᠭᠤᠯᠤᠯᠳᠠ ᠨᠢ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 15.4% ᠪᠠᠷ ᠨᠡᠮᠡᠭᠳᠡᠪᠡ᠃ ᠡᠭᠦᠨ ᠳᠤ 6 ᠰᠠᠷ᠎ᠠ ᠶᠢᠨ ᠰᠡᠭᠦᠯᠴᠢ ᠪᠤᠯᠳᠠᠯ᠎ᠠ ᠪᠦᠭᠦ ᠣᠷᠣᠨ ᠤ ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠯᠡ ᠤᠷᠤᠭᠤᠯᠤᠯᠳᠠ ᠲᠠᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠦᠷᠦᠯ ᠵᠦᠢᠯ ᠤᠷᠢᠳ ᠬᠤᠵᠢᠳ ᠨᠡᠶᠢᠳᠡ 3259.3 | ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ ᠢᠶᠠᠨ 55.5% ᠶᠢ ᠪᠡᠶᠡᠯᠡᠭᠦᠯᠦᠭᠰᠡᠨ ᠪᠠᠶᠢᠨ᠎ᠠ᠃ | |