— ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠦ ᡁᠢ ᠶᠤᠸᠠᠨ ᠢ ᠰᠤᠷᠪᠤᠯᠵᠢᠯᠠᠭᠰᠠᠨ ᠨᠢ | | | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠠᠷᠠᠳ ᠤᠨ ᠠᠮᠢᠳᠤᠷᠠᠯ ᠢ ᠬᠠᠮᠤᠭ ᠠᠴᠠ ᠴᠢᠬᠤᠯᠠᠴᠢᠯᠠᠨ᠎ᠠ; ᠥᠭᠡᠷᠡᠴᠢᠯᠡᠯᠲᠡ ᠶᠢ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠷᠠᠳ ᠲᠦᠮᠡᠨ ᠢ ᠳᠡᠭᠡᠳᠦᠯᠡᠨ᠎ᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠠᠴᠠ᠂ ᠡᠷᠬᠡᠪᠰᠢ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ | ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ | ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠲᠣᠭᠤᠷᠢᠨ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠬᠦ ᠬᠡᠷᠡᠭᠲᠡᠢ ᠭᠡᠵᠦ ᠱᠠᠭᠠᠷᠳᠠᠪᠠ᠃ | ᠰᠢᠨ᠎ᠡ ᠴᠠᠭ ᠦᠶ᠎ᠡ ᠶᠢᠨ ᠠᠷᠠᠳ ᠤᠨ ᠶᠠᠪᠤᠳᠠᠯ ᠤᠨ ᠠᠵᠢᠯ ᠶᠠᠮᠠᠷᠬᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠣᠯᠣᠭᠰᠠᠨ ᠪᠤᠢ︖ ᠲᠠᠷᠠᠭᠠᠴᠢ ᠶᠢᠨ | ᠠᠯᠬᠤᠮ ᠤᠨ ᠠᠷᠠᠳ ᠤᠨ ᠶᠠᠪᠤᠳᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠬᠦᠴᠦᠯᠡᠬᠦ ᠴᠡᠭ ᠪᠠ ᠠᠵᠢᠯ ᠤᠨ ᠬᠦᠴᠦᠯᠡᠬᠦ ᠴᠡᠭ ᠨᠢ ᠶᠠᠭᠤ ᠪᠤᠶ︖ ᠰᠢᠨᠬᠤᠸᠠ | ᠬᠤᠷᠢᠶᠠᠨ ᠤ ᠰᠤᠷᠪᠤᠯᠵᠢᠯᠠᠬᠴᠢ ᠠᠷᠠᠳ ᠤᠨ ᠶᠠᠪᠤᠳᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠦ ᡁᠢ ᠶᠤᠸᠠᠨ ᠢ | ᠰᠤᠷᠪᠤᠯᠵᠢᠯᠠᠪᠠ᠃ | | ᠪᠦᠭᠦᠳᠡ ᠬᠤᠷᠠᠯ ᠠᠴᠠ ᠠᠷᠠᠳ ᠤᠨ ᠶᠠᠪᠤᠳᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠪᠠ | ᠠᠰᠠᠭᠤᠯᠲᠠ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠣᠨᠴᠠᠭᠠᠶᠢᠯᠠᠨ ᠠᠷᠠᠳ ᠤᠨ ᠶᠠᠪᠤᠳᠠᠯ ᠤᠨ ᠬᠦᠷᠢᠶᠡᠨ ᠳᠤ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠬᠡᠷᠬᠢᠨ ᠦᠵᠡᠬᠦ ᠪᠤᠢ︖ | | ᠬᠠᠷᠢᠭᠤᠯᠲᠠ᠄ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠵᠣᠷᠢᠯᠲᠠ ᠪᠠ | ᠲᠤᠰᠤᠯᠲᠠ ᠮᠥᠨ᠃ | | ︽ᠲᠣᠭᠲᠠᠭᠠᠯ︾ ᠳᠤ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠬᠤᠯᠠ ᠶᠡᠭᠡ ᠡᠭᠦᠷᠭᠡ ᠮᠥᠨ ᠭᠡᠵᠦ ᠴᠢᠬᠤᠯᠠᠴᠢᠯᠠᠨ᠂ ᠠᠷᠠᠳ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ | ᠲᠠᠰᠤᠷᠠᠯᠳᠠ ᠦᠭᠡᠢ ᠬᠠᠩᠭᠠᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ᠂ ᠠᠷᠠᠳ ᠤᠨ ᠰᠡᠳᠬᠢᠯ ᠤᠨ ᠬᠠᠨᠳᠤᠰᠢ | ᠪᠦᠬᠦᠢ ᠠᠯᠢ ᠤᠯᠠᠨ ᠥᠭᠡᠷᠡᠴᠢᠯᠡᠯᠲᠡ ᠶᠢᠨ ᠡᠭᠦᠷᠭᠡ ᠠᠷᠭ᠎ᠠ ᠬᠡᠮᠵᠢᠶ᠎ᠡ ᠶᠢ ᠳᠤᠷᠠᠳᠴᠠᠢ᠃ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠳᠦᠷᠢᠮ ᠤᠨ ᠪᠠᠶᠢᠭᠤᠯᠤᠯᠲᠠ ᠪᠠᠷ ᠭᠤᠣᠯ ᠰᠢᠵᠢᠮ ᠪᠤᠯᠭᠠᠵᠤ᠂ ᠦᠵᠦ ᠲᠥᠯᠥᠪᠯᠡᠭᠡ ᠶᠢ ᠴᠢᠩᠭᠠᠳᠬᠠᠵᠤ᠂ ᠲᠥᠷᠥ ᠶᠢᠨ | ᠪᠣᠳᠣᠯᠭ᠎ᠠ ᠶᠢᠨ ᠬᠠᠩᠭᠠᠯᠭ᠎ᠠ ᠶᠢ ᠥᠷᠭᠡᠳᠬᠡᠵᠦ᠂ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠵᠦ᠂ ᠠᠷᠠᠳ | ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ | ᠬᠥᠭᠵᠢᠯᠲᠡ ᠶᠢ ᠠᠬᠢᠭᠤᠯᠬᠤ ᠰᠠᠶᠢᠨ ᠦᠢᠯᠡᠳᠦᠯᠴᠡᠯ ᠢ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠠᠩ ᠣᠯᠠᠨ ᠨᠠᠩ ᠡᠷᠬᠡ | ᠲᠡᠭᠰᠢ ᠪᠠᠷ ᠥᠷᠭᠡᠨ ᠣᠯᠠᠨ ᠨᠠᠰᠤᠲᠠᠶᠢᠴᠤᠳ ᠪᠠ ᠡᠯ᠎ᠡ ᠲᠥᠷᠥᠯ ᠤᠨ ᠬᠦᠴᠢᠷᠳᠡᠯᠲᠡᠢ ᠬᠥᠮᠥᠰ ᠲᠤ ᠬᠦᠷᠲᠡᠭᠡᠨ᠎ᠡ᠃ | | ᠰᠢᠨ᠎ᠡ ᠴᠠᠭ ᠦᠶ᠎ᠡ ᠠᠴᠠ ᠨᠠᠭᠠᠰᠢ ᠠᠷᠠᠳ ᠤᠨ ᠶᠠᠪᠤᠳᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠠᠯᠢ ᠤᠯᠠᠨ ᠳᠦᠷᠢᠮ ᠪᠠ | ᠦᠢᠯᠡᠳᠦᠯᠭᠡ ᠶᠢᠨ ᠦᠷ᠎ᠡ ᠪᠦᠲᠦᠭᠡᠯ ᠣᠯᠪᠠ | ᠠᠰᠠᠭᠤᠯᠲᠠ᠄ ᠰᠢᠨ᠎ᠡ ᠴᠠᠭ ᠦᠶ᠎ᠡ ᠠᠴᠠ ᠨᠠᠭᠠᠰᠢ ᠠᠷᠠᠳ ᠤᠨ ᠶᠠᠪᠤᠳᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ | ᠢ ᠳ᠋ᠦᠩᠨᠡᠭᠡᠳ ᠥᠭᠭᠦᠨ᠎ᠡ ᠤᠤ︖ | ᠬᠠᠷᠢᠭᠤᠯᠲᠠ᠄ ᠶᠡᠷᠦᠩᠬᠡᠢ ᠱᠦᠵᠢ ᠰᠢ ᠶᠢᠨ ᠫᠢᠩ᠂ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠬᠤ ᠨᠢ ᠡᠴᠦᠰ ᠤᠨ ᠡᠴᠦᠰ ᠲᠡᠭᠡᠨ ᠠᠷᠠᠳ | ᠲᠦᠮᠡᠨ ᠢ ᠨᠡᠩ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃ | | ᠰᠢᠨ᠎ᠡ ᠴᠠᠭ ᠦᠶ᠎ᠡ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠭ ᠰᠠᠨᠠᠭ᠎ᠠ ᠵᠣᠷᠢᠯᠲᠠ ᠪᠠᠨ ᠪᠠᠲᠤ ᠴᠡᠭᠡᠵᠢᠯᠡᠵᠦ᠂ ᠭᠡᠮ ᠠᠷᠬᠠᠭ ᠢ ᠠᠷᠢᠯᠭᠠᠨ | ᠰᠢᠨᠡᠴᠢᠯᠡᠯᠲᠡ ᠬᠢᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠤᠨ ᠶᠠᠪᠤᠳᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠳᠤ ᠠᠯᠢ ᠤᠯᠠᠨ | ᠳᠦᠷᠢᠮ ᠪᠠ ᠦᠢᠯᠡᠳᠦᠯᠭᠡ ᠶᠢᠨ ᠦᠷ᠎ᠡ ᠪᠦᠲᠦᠭᠡᠯ ᠣᠯᠵᠤ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠬᠦᠴᠦᠲᠡᠢ ᠦᠢᠯᠡᠴᠢᠯᠡᠪᠡ᠃ ᠡᠨᠡ ᠨᠢ ᠳᠣᠣᠷᠠᠬᠢ | ᠬᠡᠳᠦᠨ ᠲᠠᠯ᠎ᠠ ᠪᠠᠷ ᠲᠣᠪᠣᠶᠢᠮ᠎ᠠ ᠢᠯᠡᠷᠡᠵᠦ ᠪᠠᠶᠢᠨ᠎ᠠ᠄ | ᠨᠢᠭᠡ ᠳᠤ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠰ ᠳᠠᠪᠬᠤᠷᠭ᠎ᠠ ᠲᠥᠷᠥᠯ | ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠠᠶᠢᠭᠤᠯᠵᠤ᠂ ᠬᠡᠦᠬᠡᠳ ᠪᠠ ᠵᠡᠮᠳᠡᠭᠴᠦᠳ ᠤᠨ ᠠᠰᠠᠷᠠᠮᠵᠢ ᠶᠢᠨ ᠳᠦᠷᠢᠮ ᠢ ᠲᠡᠭᠦᠯᠳᠡᠷᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ︽ᠨᠢᠭᠡ ᠪᠦᠯᠦᠭ ᠢ ᠪᠠᠲᠤᠯᠠᠬᠤ︾ ᠤᠯᠤᠰ ᠲᠥᠷᠥ ᠶᠢᠨ ᠡᠭᠦᠷᠭᠡ ᠶᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠡᠯ᠎ᠡ ᠲᠥᠷᠥᠯ ᠤᠨ ᠣᠨᠴᠠᠭᠠᠶ ᠬᠦᠴᠢᠷᠳᠡᠯᠲᠡᠢ ᠣᠯᠠᠨ ᠲᠦᠮᠡᠨ ᠪᠦᠭᠦ ᠠᠷᠠᠳ ᠲᠦᠮᠡᠨ ᠲᠠᠢ ᠬᠠᠮᠲᠤ ᠪᠠᠷ ᠴᠢᠨᠡᠭᠡᠯᠢᠭ ᠨᠡᠶᠢᠭᠡᠮ ᠳᠤ ᠠᠯᠬᠤᠨ ᠣᠷᠣᠪᠠ᠃ | ᠬᠤᠶᠠᠷ ᠲᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠡᠮᠵᠢᠶ᠎ᠡ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ᠂ ᠲᠦᠭ ᠲᠦᠮᠡᠨ ᠨᠠᠰᠤᠲᠠᠶᠢᠴᠤᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠪᠡ᠃ | ᠭᠤᠷᠪᠠ ᠳᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠨᠢᠭᠦᠯᠡᠰᠦᠩᠭᠦᠢ ᠶᠢᠨ ᠬᠦᠴᠦᠨ ᠤ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ᠂ 90 ᠲᠦᠮᠡ ᠰᠢᠬᠠᠮ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ 1.4 | ᠲᠦᠮᠡᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠢ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠬᠦᠴᠦᠨ ᠪᠣᠯᠪᠠ᠃ | | ᠥᠷᠭᠡᠨ ᠣᠯᠠᠨ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠨ᠎ᠠ | ᠠᠰᠠᠭᠤᠯᠲᠠ᠄ ᠣᠳᠣᠬᠠᠨ ᠳᠤ ᠮᠠᠨ ᠤ ᠤᠯᠤᠰ ᠨᠢᠭᠡᠨᠲᠡ ᠳᠤᠮᠳᠠ ᠵᠡᠷᠭᠡ ᠶᠢᠨ ᠨᠠᠰᠤᠵᠢᠯᠲᠠ ᠶᠢᠨ ᠨᠡᠶᠢᠭᠡᠮ ᠳᠤ ᠣᠷᠣᠪᠠ᠂ ᠲᠠᠷᠠᠭᠠᠴᠢ ᠶᠢᠨ ᠠᠯᠬᠤᠮ ᠳᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠡᠷᠬᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠬᠥᠮᠥᠨ ᠠᠮᠠ ᠶᠢᠨ ᠨᠠᠰᠤᠵᠢᠯᠲᠠ ᠶᠢᠨ ᠬᠤᠯᠪᠣᠭᠳᠠᠯ ᠪᠦᠬᠦᠢ | ᠠᠵᠢᠯ ᠢ ᠢᠳᠡᠪᠬᠢᠲᠡᠢ ᠠᠷᠭᠠᠴᠠᠬᠤ ᠪᠤᠶ︖ | ᠬᠠᠷᠢᠭᠤᠯᠲᠠ᠄ ᠬᠥᠮᠥᠨ ᠠᠮᠠ ᠶᠢᠨ ᠨᠠᠰᠤᠵᠢᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠠᠨᠳᠤᠬᠤ | ᠴᠢᠬᠤᠯᠠ ᠶᠡᠭᠡ ᠰᠡᠳᠦᠪ ᠪᠣᠯᠣᠨ᠎ᠠ᠃ 2023 ᠣᠨ ᠤ ᠡᠴᠦᠰ ᠪᠤᠯᠲᠠᠯ᠎ᠠ᠂ ᠮᠠᠨ ᠤ ᠤᠯᠤᠰ ᠤᠨ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠥᠨ | ᠠᠮᠠ 2.97 ᠳ᠋ᠦᠩᠰᠢᠭᠤᠷ ᠲᠤ ᠬᠦᠷᠴᠦ᠂ 21.1% ᠶᠢ ᠡᠵᠡᠯᠡᠵᠦ᠂ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠨ ᠤ ᠬᠥᠮᠥᠨ ᠠᠮᠠ 2.17 | ᠳ᠋ᠦᠩᠰᠢᠭᠤᠷ ᠪᠠᠶᠢᠵᠤ᠂ 15.4% ᠶᠢ ᠡᠵᠡᠯᠡᠵᠦ᠂ ᠨᠢᠭᠡᠨᠲᠡ ᠳᠤᠮᠳᠠ ᠵᠡᠷᠭᠡ ᠶᠢᠨ ᠨᠠᠰᠤᠵᠢᠯᠲᠠ ᠶᠢᠨ ᠨᠡᠶᠢᠭᠡᠮ ᠳᠤ ᠣᠷᠣᠭᠰᠠᠨ ᠪᠠᠶᠢᠨ᠎ᠠ᠃ ᠬᠥᠮᠥᠨ ᠠᠮᠠ ᠶᠢᠨ | ᠨᠠᠰᠤᠵᠢᠯᠲᠠ ᠶᠢᠨ ᠬᠡᠮᠵᠢᠶ᠎ᠡ ᠦᠷᠭᠦᠯᠵᠢᠯᠡᠨ ᠭᠦᠨᠵᠡᠭᠡᠶᠢᠷᠡᠬᠦ ᠶᠢ ᠳᠠᠭᠠᠯᠳᠤᠨ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡ ᠶᠢᠨ | ᠵᠥᠷᠢᠴᠡᠯ ᠨᠠᠩ ᠲᠣᠪᠣᠶᠢᠮ᠎ᠠ ᠪᠣᠯᠵᠤ᠂ ᠢᠯᠠᠩᠭᠤᠶ᠎ᠠ ᠥᠨᠳᠥᠷ ᠨᠠᠰᠤᠲᠠᠢ᠂ ᠥᠪᠡᠷ ᠢ ᠪᠠᠨ ᠠᠰᠠᠷᠠᠬᠤ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠣᠷᠳᠣ | ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠵᠡᠷᠭᠡ ᠬᠡᠷᠡᠭᠴᠡᠭᠡ ᠲᠦᠷᠭᠡᠨ ᠨᠡᠮᠡᠭᠳᠡᠪᠡ᠃ | ᠪᠢᠳᠡ ᠨᠠᠰᠤᠲᠠᠶᠢᠴᠤᠳ ᠤᠨ ᠣᠨᠴᠠᠭᠠᠢ ᠬᠡᠷᠡᠭᠴᠡᠭᠡ ᠳᠤ ᠴᠢᠭᠯᠡᠭᠦᠯᠦᠨ᠂ ᠰᠢᠶᠠᠨ᠂ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠦᠯᠵᠢᠶᠡᠨ ᠤ ᠪᠠᠶᠢᠭᠤᠯᠤᠯᠲᠠ ᠶᠢ ᠪᠦᠷᠢᠨᠰᠢᠭᠦᠯᠵᠦ᠂ ᠨᠠᠰᠤᠲᠠᠶᠢᠴᠤᠳ ᠲᠤ ᠬᠤᠭᠤᠯᠠ ᠬᠠᠩᠭᠠᠬᠤ ᠦᠢᠯᠡᠴᠢᠯᠡᠭᠡ ᠶᠢ ᠢᠳᠡᠪᠬᠢᠲᠡᠢ | ᠬᠥᠭᠵᠢᠭᠦᠯᠦᠨ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ ᠬᠥᠭᠵᠢᠭᠦᠯᠬᠦ ᠶᠢ ᠳᠡᠮᠵᠢᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠠᠬᠢᠭᠤᠯᠵᠤ᠂ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ | ᠭᠡᠷ ᠲᠡᠭᠡᠨ ᠰᠠᠭᠤᠬᠤ ᠪᠠᠷ ᠰᠠᠭᠤᠷᠢ ᠪᠤᠯᠭᠠᠬᠰᠠᠨ᠂ ᠨᠡᠶᠢᠭᠡᠮ ᠲᠣᠭᠤᠷᠢᠭ ᠢᠶᠠᠷ ᠲᠦᠰᠢᠭ ᠪᠤᠯᠭᠠᠬᠰᠠᠨ᠂ ᠪᠠᠶᠢᠭᠤᠯᠤᠮᠵᠢ ᠠᠴᠠ ᠲᠤᠰᠬᠠᠢ ᠮᠡᠷᠭᠡᠵᠢᠯ ᠤᠨ ᠲᠤᠯᠭᠠᠭᠤᠷᠢᠯᠠᠯ | ᠪᠤᠯᠭᠠᠬᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠪᠠᠶᠢᠷᠢᠰᠢᠯ ᠢ ᠲᠦᠷᠭᠡᠯᠡᠨ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ | ᠠᠵᠤ ᠦᠢᠯᠡᠰ ᠢ ᠪᠤᠵᠠᠭᠠᠶᠢᠷᠠᠭᠤᠯᠤᠨ᠂ ᠨᠠᠰᠤᠵᠢᠯ ᠤᠨ ᠬᠡᠷᠡᠭᠯᠡᠭᠡᠨ ᠤ ᠨᠡᠮᠡᠭᠳᠡᠯ ᠤᠨ ᠴᠡᠭ ᠢ ᠪᠣᠶᠢᠵᠢᠭᠤᠯᠵᠤ᠂ ᠥᠷᠭᠡᠨ ᠤᠯᠠᠨ ᠨᠠᠰᠤᠲᠠᠶᠢᠴᠤᠳ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠨ᠎ᠠ᠃ | | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠦᠨᠡᠨ ᠬᠦ ᠤᠨᠤᠪᠴᠢᠲᠠᠢ ᠪᠠᠲᠤ ᠰᠠᠬᠢᠨ᠎ᠠ | ᠠᠰᠠᠭᠤᠯᠲᠠ᠄ ᠣᠷᠣᠯᠭ᠎ᠠ ᠪᠠᠭᠠᠲᠠᠢ ᠬᠦᠴᠢᠷᠳᠡᠯᠲᠡᠢ ᠬᠥᠮᠥᠰ᠂ ᠣᠨᠴᠠᠭᠠᠶ ᠬᠡᠦᠬᠡᠳ᠂ ᠠᠮᠢᠳᠤᠷᠠᠯ ᠨᠢ ᠬᠦᠴᠢᠷᠳᠡᠯᠲᠡᠢ ᠵᠡᠮᠳᠡᠭᠴᠦᠳ ᠪᠣᠯᠣᠨ ᠬᠦᠨᠳᠦ ᠲᠠᠰ ᠤᠨ | ᠵᠡᠮᠳᠡᠭᠴᠦᠳ ᠤᠨ ᠠᠷᠠᠳ ᠤᠨ ᠠᠮᠢᠳᠤᠷᠠᠯ ᠤᠨ ᠡᠷᠬᠡ ᠠᠰᠢᠭ ᠢ ᠪᠠᠲᠤᠯᠠᠬᠤ ᠲᠠᠯ᠎ᠠ ᠪᠠᠷ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠᠶᠢᠬᠤ ᠪᠤᠶ︖ | ᠬᠠᠷᠢᠭᠤᠯᠲᠠ᠄ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠣᠳᠣᠬᠢᠴᠢᠯᠠᠯᠲᠠ ᠮᠥᠨ᠃ | ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠡᠷᠬᠡᠪᠰᠢ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠬᠤ | ᠬᠡᠷᠡᠭᠲᠡᠢ᠃ | ᠣᠳᠣᠬᠠᠨ ᠳᠤ ᠮᠠᠨ ᠤ ᠤᠯᠤᠰ ᠲᠤ ᠪᠠᠰᠠ ᠨᠢᠭᠡ ᠪᠦᠯᠦᠭ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠴᠢᠬᠤᠯᠠᠲᠠᠢ | ᠪᠠᠶᠢᠨ᠎ᠠ᠂ ᠡᠭᠦᠨ ᠤ ᠬᠠᠮᠲᠤ ᠪᠠᠰᠠ ᠨᠡᠶᠢᠭᠡᠮ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠬᠦᠷᠦᠯᠴᠡᠬᠦ ᠦᠭᠡᠢ᠂ ᠠᠪᠤᠷᠠᠨ | ᠲᠤᠰᠠᠯᠠᠬᠤ ᠠᠷᠭ᠎ᠠ ᠮᠠᠶ᠋ᠢᠭ ᠨᠢ ᠮᠥᠨ ᠯᠡ ᠪᠡᠯᠡᠨ ᠵᠣᠭᠤᠰ ᠪᠠ ᠪᠣᠳᠠᠲᠠᠢ ᠡᠳ᠋ ᠪᠣᠳᠠᠰ ᠢᠶᠠᠷ ᠠᠪᠤᠷᠠᠨ ᠲᠤᠰᠠᠯᠠᠬᠤ ᠪᠠᠷ ᠭᠤᠣᠯ ᠪᠤᠯᠭᠠᠵᠤ᠂ ᠬᠦᠴᠢᠷᠳᠡᠯᠲᠡᠢ | ᠨᠠᠰᠤᠲᠠᠶᠢᠴᠤᠳ᠂ ᠵᠡᠮᠳᠡᠭᠴᠦᠳ᠂ ᠬᠡᠦᠬᠡᠳ ᠵᠡᠷᠭᠡ ᠣᠨᠴᠠᠭᠠᠢ ᠬᠥᠮᠥᠰ ᠤᠨ ᠬᠥᠭᠵᠢᠯᠲᠡ ᠶᠢᠨ ᠴᠢᠨᠠᠷᠲᠠᠢ ᠬᠡᠷᠡᠭᠴᠡᠭᠡ ᠶᠢ ᠬᠠᠩᠭᠠᠬᠤ ᠳᠤ ᠪᠡᠷᠬᠡᠲᠡᠢ ᠪᠠᠶᠢᠬᠤ ᠵᠡᠷᠭᠡ | ᠠᠰᠠᠭᠤᠳᠠᠯ ᠣᠷᠣᠰᠢᠵᠤ ᠪᠠᠶᠢᠨ᠎ᠠ᠃ | ᠪᠢᠳᠠ ᠬᠡᠦᠬᠡᠳ ᠤᠨ ᠠᠰᠠᠷᠠᠮᠵᠢ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠨᠡᠮᠡᠭᠳᠡᠭᠦᠯᠬᠦ ᠲᠣᠭᠲᠠᠴᠠ ᠶᠢ ᠪᠦᠷᠢᠨᠰᠢᠭᠦᠯᠵᠦ᠂ ᠪᠠᠲᠤᠯᠠᠭ᠎ᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠢ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠴᠢᠩᠭᠠᠳᠬᠠᠵᠤ᠂ ᠪᠠᠲᠤᠯᠠᠬᠤ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠶᠢ ᠰᠦᠪᠡᠭᠴᠢᠯᠡᠨ᠎ᠡ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠥᠬᠦᠭᠡᠷᠦᠮᠵᠢ ᠶᠢᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠰᠤᠨ ᠳᠤ ᠥᠯᠥ ᠭᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠱᠠᠲᠤᠨ ᠤ ᠬᠡᠦᠬᠡᠳ ᠤᠨ ᠠᠰᠠᠷᠠᠮᠵᠢ ᠶᠢᠨ ᠠᠵᠢᠯ ᠤᠨ ᠲᠣᠣᠷ ᠢ ᠪᠦᠷᠢᠨᠰᠢᠭᠦᠯᠦᠨ᠎ᠡ᠃ ᠨᠡᠭᠦᠳᠡᠯ ᠬᠡᠦᠬᠡᠳ ᠪᠠ | ᠭᠡᠷ ᠲᠡᠭᠡᠨ ᠬᠤᠴᠣᠷᠤᠭᠰᠠᠨ ᠬᠡᠦᠬᠡᠳ ᠤᠨ ᠡᠷᠬᠡ ᠠᠰᠢᠭ ᠢ ᠪᠠᠲᠤᠯᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠳᠡᠯ ᠬᠡᠦᠬᠡᠳ ᠪᠠ ᠭᠡᠷ ᠲᠡᠭᠡᠨ | ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠦᠨ᠎ᠡ᠃ ᠬᠦᠴᠢᠷᠳᠡᠯᠲᠡᠢ ᠬᠡᠦᠬᠡᠳ ᠤᠨ ᠰᠡᠳᠬᠢᠴᠡ ᠶᠢᠨ ᠡᠷᠡᠭᠦᠯ | ᠡᠩᠬᠡ ᠶᠢ ᠰᠠᠬᠢᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠦᠴᠢᠷᠳᠡᠯᠲᠡᠢ ᠬᠡᠦᠬᠡᠳ ᠲᠤ ᠰᠡᠳᠬᠢᠴᠡ ᠶᠢᠨ ᠡᠷᠡᠭᠦᠯ ᠡᠩᠬᠡ ᠶᠢᠨ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠬᠠᠩᠭᠠᠨ᠎ᠠ᠃ | ᠡᠨᠡ ᠤᠳᠠᠭ᠎ᠠ ᠶᠢᠨ ᠪᠦᠭᠦᠳᠡ ᠬᠤᠷᠠᠯ ᠠᠴᠠ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠪᠢᠳᠡ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ | ᠲᠡᠰ ᠤᠨ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠳᠦᠷᠢᠮ ᠢ ᠲᠡᠭᠦᠯᠳᠡᠷᠵᠢᠭᠦᠯᠵᠦ᠂ ᠨᠥᠬᠦᠪᠦᠷᠢ ᠭᠤᠶᠤᠴᠢᠯᠠᠬᠤ ᠳᠤ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾᠂ ︽ᠪᠦᠭᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠵᠡᠷᠭᠡ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ | ᠭᠦᠨᠵᠡᠭᠡᠢ ᠬᠡᠷᠡᠭᠵᠢᠭᠦᠯᠵᠦ᠂ ᠨᠥᠬᠦᠪᠦᠷᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠮᠢᠳᠤᠷᠠᠯ ᠨᠢ ᠬᠦᠴᠢᠷᠳᠡᠯᠲᠡᠢ | ᠵᠡᠮᠳᠡᠭᠴᠦᠳ᠂ ᠬᠦᠨᠳᠦ ᠲᠡᠰ ᠤᠨ ᠵᠡᠮᠳᠡᠭᠴᠦᠳ ᠵᠢᠴᠢ ᠲᠡᠳᠡᠨ ᠤ ᠭᠡᠷ ᠪᠦᠯᠢ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠣᠶᠣᠨ ᠤ ᠡᠷᠡᠭᠦᠯ ᠬᠠᠮᠠᠭᠠᠯᠠᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠣᠶᠣᠨ ᠤ ᠡᠷᠡᠭᠦᠯ ᠬᠠᠮᠠᠭᠠᠯᠠᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠠᠩᠭᠠᠯᠭ᠎ᠠ ᠶᠢ ᠥᠷᠭᠡᠳᠬᠡᠨ᠎ᠡ᠃ ᠬᠦᠨᠳᠦ ᠲᠡᠰ ᠤᠨ ᠵᠡᠮᠳᠡᠭᠴᠦᠳ ᠢ ᠨᠠᠶᠢᠳᠠᠵᠤ ᠠᠰᠠᠷᠠᠭᠤᠯᠤᠨ ᠬᠠᠷᠠᠭᠠᠯᠵᠠᠬᠤ ᠦᠢᠯᠡᠴᠢᠯᠡᠭᠡᠨ ᠤ ᠳᠦᠷᠢᠮ ᠢ ᠪᠠᠶᠢᠭᠤᠯᠵᠤ᠂ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠬᠦᠨᠳᠦ ᠲᠡᠰ ᠤᠨ ᠵᠡᠮᠳᠡᠭᠴᠦᠳ ᠢ ᠨᠠᠶᠢᠳᠠᠵᠤ ᠠᠰᠠᠷᠠᠭᠤᠯᠤᠨ ᠬᠠᠷᠠᠭᠠᠯᠵᠠᠬᠤ ᠦᠢᠯᠡᠴᠢᠯᠡᠭᠡ ᠶᠢ ᠵᠣᠯᠭᠠᠭᠤᠯᠬᠤ ᠶᠢ | ᠴᠢᠩᠭᠠᠳᠬᠠᠨ᠂ ᠤᠨᠴᠠᠭᠠᠢ ᠭᠡᠷ ᠪᠦᠯᠢ ᠶᠢᠨ ᠨᠠᠶᠢᠳᠠᠵᠤ ᠠᠰᠠᠷᠠᠭᠤᠯᠤᠨ ᠬᠠᠷᠠᠭᠠᠯᠵᠠᠬᠤ ᠦᠢᠯᠡᠴᠢᠯᠡᠭᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ | | ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 31 ᠤ ᠴᠠᠭᠢᠯᠭᠠᠨ ᠮᠡᠳᠡᠭᠡ ᠠᠴᠠ︶ |