ᠮᠠᠨ ᠤ ᠣᠷᠣᠨ ᠳᠤ 5 G ᠶᠢᠨ ᠰᠠᠭᠤᠷᠢ ᠦᠷᠳᠡᠭᠡ 7.67 ᠲᠦᠮᠡ ᠪᠣᠯᠪᠠ
ᠨᠡᠶᠢᠲᠡᠯᠡᠭᠰᠡᠨ ᠴᠠᠭ᠄
2024/8/7
      ᠥᠪᠡᠷᠲᠡᠭᠡᠨ ᠵᠠᠰᠠᠬᠤ ᠣᠷᠣᠨ ᠤ ᠴᠢᠮᠡᠭᠡ ᠨᠡᠪᠲᠡᠷᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠪᠤᠯᠳᠠᠯ᠎ᠠ ᠮᠠᠨ ᠤ ᠣᠷᠣᠨ ᠳᠤ ᠨᠡᠶᠢᠳᠡ 7.67 ᠲᠦᠮᠡᠨ 5G ᠶᠢᠨ ᠰᠠᠭᠤᠷᠢ ᠦᠷᠳᠡᠭᠡ ᠲᠠᠢ ᠪᠣᠯᠵᠤ᠂ ᠲᠦᠮᠡᠨ ᠬᠥᠮᠥᠨ ᠪᠦᠷᠢ ᠳᠤ 32.01 ᠰᠠᠭᠤᠷᠢ ᠦᠷᠳᠡᠭᠡ ᠨᠣᠭᠳᠠᠨ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠡᠭᠦᠨ ᠳᠤ ᠪᠦᠭᠦ ᠣᠷᠣᠨ ᠤ ᠵᠠᠰᠠᠭ ᠵᠠᠬᠢᠷᠭᠠᠨ ᠤ ᠲᠤᠰᠬᠤᠨ ᠳᠤ 5G ᠶᠢᠨ ᠳᠣᠬᠢᠶ᠎ᠠ ᠶᠢ ᠪᠦᠷᠬᠦᠭᠦᠯᠦᠭᠰᠡᠨ ᠨᠤᠷᠮ᠎ᠠ 96.94% ᠳᠤ ᠬᠦᠷᠴᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ 5G ᠶᠢᠨ ᠳᠣᠬᠢᠶ᠎ᠠ ᠶᠢ ᠪᠦᠷᠬᠦᠭᠦᠯᠦᠭᠰᠡᠨ ᠨᠤᠷᠮ᠎ᠠ 100% ᠳᠤ ᠬᠦᠷᠴᠡᠢ᠃      ᠮᠡᠳᠡᠭᠡ ᠵᠠᠩᠭᠢ ᠴᠢᠮᠡᠭᠡ ᠨᠡᠪᠲᠡᠷᠡᠯᠭᠡ ᠶᠢᠨ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠪᠤᠢ ᠪᠣᠯᠭᠠᠨ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠴᠢᠬᠤᠯᠠ ᠬᠥᠳᠡᠯᠭᠡᠭᠴᠢ ᠬᠦᠴᠦᠨ ᠪᠤᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠴᠢᠮᠡᠭᠡ ᠨᠡᠪᠲᠡᠷᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ︽ᠳᠣᠬᠢᠶ᠎ᠠ ᠶᠢ ᠰᠠᠶᠢᠵᠢᠷᠠᠭᠤᠯᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠮᠠᠨ ᠤ ᠣᠷᠣᠨ ᠤ ᠰᠢᠨ᠎ᠡ ᠭᠡᠯᠪᠡᠷᠢ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠳᠡᠯ ᠰᠦᠯᠵᠢᠶ᠎ᠡ ᠶᠢ ᠭᠦᠨᠵᠡᠭᠡᠢ ᠪᠦᠷᠬᠦᠭᠦᠯᠬᠦ ᠶᠢ ᠲᠠᠰᠤᠷᠠᠯᠳᠠ ᠦᠭᠡᠢ ᠠᠬᠢᠭᠤᠯᠪᠠ᠃ ᠲᠤᠰ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ 11 ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠲᠠᠢ ᠬᠠᠮᠲᠤᠷᠠᠨ ︽︿ᠳᠣᠬᠢᠶ᠎ᠠ ᠶᠢ ᠰᠠᠶᠢᠵᠢᠷᠠᠭᠤᠯᠤᠨ ᠲᠦᠮᠡᠨ ᠮᠧᠭ᠎ᠠ ᠶᠢᠨ ᠬᠤᠷᠳᠤᠴᠠ ᠪᠠᠷ ᠠᠶᠠᠯᠠᠵᠤ ᠤᠮᠠᠷᠠᠲᠤ ᠬᠢᠯᠢ ᠳᠤ ᠰᠠᠭᠠᠳ ᠦᠭᠡᠢ ᠬᠤᠯᠪᠤᠭ᠎ᠠ ᠨᠡᠪᠲᠡᠷᠡᠭᠦᠯᠬᠦ﹀ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠣᠶᠣᠯ ᠵᠢᠭᠤᠯᠴᠢᠯᠠᠯ᠂ ᠡᠮ ᠡᠮᠨᠡᠯᠭᠡ ᠶᠢᠨ ᠪᠠᠶᠢᠭᠤᠯᠤᠮᠵᠢ ᠵᠡᠷᠭᠡ 11 ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠳᠣᠬᠢᠶ᠎ᠠ ᠶᠢ ᠰᠠᠶᠢᠵᠢᠷᠠᠭᠤᠯᠬᠤ᠂ ᠳᠣᠬᠢᠶ᠎ᠠ ᠶᠢ ᠮᠡᠳᠡᠷᠡᠭᠦᠯᠬᠦ᠂ ᠳᠣᠬᠢᠶ᠎ᠠ ᠶᠢ ᠪᠠᠲᠤᠯᠠᠬᠤ᠂ ᠴᠢᠳᠠᠮᠵᠢ ᠶᠢ ᠰᠠᠶᠢᠵᠢᠷᠠᠭᠤᠯᠬᠤ ᠪᠠᠷ ᠳᠠᠮᠵᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ  ᠶᠢ ᠲᠠᠰᠤᠷᠠᠯᠳᠠ ᠦᠭᠡᠢ ᠬᠠᠩᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠤᠯᠭᠠᠭᠤᠷᠢᠯᠠᠯ ᠬᠠᠩᠭᠠᠵᠤ ᠪᠠᠶᠢᠨ᠎ᠠ᠃ 
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ