ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠡᠷᠡᠭᠯᠡᠭᠡ ᠶᠢ | ᠠᠬᠢᠭᠤᠯᠬᠤ ᠣᠨ︾ ᠳᠤ ᠠᠩᠬᠠᠷᠤᠯ ᠢᠶᠠᠨ ᠲᠥᠪᠯᠡᠷᠡᠭᠦᠯᠦᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ | ᠬᠡᠷᠡᠭᠯᠡᠭᠡ ᠶᠢᠨ ᠬᠠᠯᠠᠮᠰᠢᠯ ᠴᠡᠭ ᠢ ᠴᠢᠩᠭ᠎ᠠ ᠠᠳᠬᠤᠨ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠬᠥᠰᠢᠭᠦᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠪᠦᠭᠦ ᠣᠷᠣᠨ ᠤ ᠬᠡᠷᠡᠭᠯᠡᠭᠡ ᠶᠢᠨ ᠵᠠᠬ᠎ᠠ ᠳᠡᠯᠭᠡᠭᠦᠷ ᠢ ᠬᠥᠭᠵᠢᠭᠡᠵᠦ ᠪᠤᠢ᠃ 5 ᠰᠠᠷ᠎ᠠ ᠪᠤᠯᠳᠡᠯ᠎ᠡ᠂ ᠪᠦᠭᠦ ᠣᠷᠣᠨ ᠤ ᠨᠡᠶᠢᠭᠡᠮ ᠤᠨ ᠬᠡᠷᠡᠭᠯᠡᠭᠡᠨ | ᠤ ᠵᠦᠢᠯᠡᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 2104.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ | ᠬᠢ ᠠᠴᠠ 2.5 % ᠪᠠᠷ ᠨᠡᠮᠡᠭᠳᠡᠭᠰᠡᠨ ᠪᠠᠶᠢᠨ᠎ᠠ᠃ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠭᠤᠣᠯᠳᠠᠯᠭ᠎ᠠ ᠲᠠᠢ ᠥᠷᠨᠢᠭᠦᠯᠵᠦ᠂ ᠵᠠᠰᠠᠭ ᠪᠠᠩᠬᠢ ᠠᠵᠤ ᠠᠬᠤᠶᠢᠯᠠᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ | ᠪᠦᠭᠦ ᠣᠷᠣᠨ ᠤ ᠬᠡᠪᠴᠢᠶᠡᠨ ᠳᠤ ᠡᠯ᠎ᠡ ᠲᠥᠷᠥᠯ ᠤᠨ ᠬᠡᠷᠡᠭᠯᠡᠭᠡ ᠶᠢᠨ ᠲᠡᠮᠳᠡᠭᠲᠦ ᠶᠢ 2.5 ᠳ᠋ᠦᠩᠰᠢᠭᠤᠷ ᠲᠥᠭᠦᠷᠢᠭ ᠲᠠᠷᠬᠠᠭᠠᠵᠤ᠂ ︽ᠰᠢᠨ᠎ᠡ ᠪᠠᠷᠠᠭ᠎ᠠ ᠬᠤᠳᠠᠯᠳᠤᠨ | ᠠᠪᠬᠤ ᠤᠯᠠᠷᠢᠯ︾᠂ ︽ᠳᠡᠯᠭᠡᠷ ᠵᠣᠨ ᠤ ᠲᠠᠩᠰᠤᠭ ᠤᠯᠠᠷᠢᠯ︾ ᠳᠤ ᠲᠦᠰᠢᠭᠯᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 2700 ᠭᠠᠷᠤᠢ ᠲᠠᠯᠠᠪᠠᠶ ᠥᠷᠨᠢᠭᠦᠯᠵᠦ᠂ | 195 ᠳ᠋ᠦᠩᠰᠢᠭᠤᠷ ᠲᠥᠭᠦᠷᠢᠭ ᠤᠨ ᠪᠣᠷᠤᠯᠠᠭᠤᠯᠭ᠎ᠠ ᠶᠢ ᠳᠠᠶᠢᠴᠢᠯᠠᠪᠠ᠃ ᠤᠷᠢᠳ ᠬᠤᠵᠢᠳ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ 2024 | ᠣᠨ ᠤ ᠥᠪᠥᠷ ᠮᠣᠩᠭᠤᠯ ᠤᠨ ᠰᠠᠶᠢᠨ ᠪᠠᠷᠠᠭ᠎ᠠ ᠶᠢᠨ ᠰᠦᠯᠵᠢᠶᠡᠨ ᠳᠡᠭᠡᠷᠡᠬᠢ ᠣᠨ ᠤ ᠪᠠᠷᠠᠭ᠎ᠠ ᠶᠢᠨ ᠪᠠᠶᠠᠷ︾᠂ ︽ᠠᠩᠬᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠡᠯᠧᠺᠲᠷᠣᠨ ᠲᠠᠸᠠᠷ ᠤᠨ ᠰᠣᠩᠭᠤᠯᠲᠠ ᠶᠢᠨ ᠴᠤᠭᠯᠠᠭᠠᠨ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ 1 - 5 ᠰᠠᠷ᠎ᠠ ᠳᠤ ᠪᠦᠭᠦ ᠣᠷᠣᠨ ᠤ | ᠰᠦᠯᠵᠢᠶ᠎ᠡ ᠪᠠᠷ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 286.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 21% ᠪᠠᠷ ᠨᠡᠮᠡᠭᠳᠡᠪᠡ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠲᠦᠷᠦᠭᠦᠦ ᠪᠦᠯᠦᠭ ᠬᠠᠭᠤᠴᠢᠨ ᠮᠠᠰᠢᠨ ᠢᠶᠠᠨ ᠰᠢᠨ᠎ᠡ ᠪᠠᠷ ᠰᠣᠯᠢᠬᠤ | ᠨᠥᠬᠦᠪᠦᠷᠢ ᠶᠢ 4.52 ᠳ᠋ᠦᠩᠰᠢᠭᠤᠷ ᠲᠥᠭᠦᠷᠢᠭ ᠪᠠᠭᠤᠯᠭᠠᠵᠤ᠂ ᠪᠦᠭᠦ ᠣᠷᠣᠨ ᠤ ᠬᠡᠪᠴᠢᠶᠡᠨ ᠳᠤ ᠬᠠᠭᠤᠴᠢᠨ ᠮᠠᠰᠢᠨ ᠢᠶᠠᠨ ᠰᠢᠨ᠎ᠡ ᠪᠠᠷ ᠰᠣᠯᠢᠬᠤ ᠠᠵᠢᠯ | ᠥᠷᠨᠢᠭᠦᠯᠬᠦ ᠶᠢ ᠳᠡᠮᠵᠢᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠰᠢᠨ ᠲᠡᠷᠭᠡᠨ ᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠬᠡᠷᠡᠭᠵᠢᠭᠦᠯᠬᠦ ᠲᠥᠰᠥᠯ︾ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠳ᠋ ᠤᠨ ᠬᠦᠴᠦᠨ ᠢ ᠢᠳᠡᠪᠬᠢᠲᠡᠢ ᠪᠠᠷ ᠨᠢᠭᠡᠳᠦᠯᠲᠡᠢ | ᠲᠥᠯᠥᠪᠵᠢᠭᠦᠯᠵᠦ᠂ ᠲᠥᠪ ᠤᠨ ᠨᠥᠬᠦᠪᠦᠷᠢ ᠶᠢᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠨᠥᠬᠦᠪᠦᠷᠢ ᠶᠢᠨ ᠪᠠᠷᠢᠮᠵᠢᠶ᠎ᠠ ᠶᠢ ᠲᠠᠭᠢᠨ ᠲᠡᠷᠭᠡ ᠪᠦᠷᠢ ᠳᠤ 2000 | ᠲᠥᠭᠦᠷᠢᠭ ᠣᠯᠭᠤᠬᠤ ᠪᠠᠷ ᠨᠡᠮᠡᠭᠳᠡᠭᠦᠯᠪᠡ᠃ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠪᠠ ᠮᠠᠰᠢᠨ ᠲᠡᠷᠭᠡᠨ ᠤ ᠪᠣᠷᠤᠯᠠᠭᠤᠯᠭ᠎ᠠ ᠶᠢ ᠠᠬᠢᠭᠤᠯᠬᠤ ᠰᠢᠷᠢᠰ | ᠠᠵᠢᠯᠯᠠᠭ᠎ᠠ ᠪᠠᠷ ᠳᠠᠮᠵᠢᠭᠤᠯᠤᠨ᠂ ᠡᠨᠡ ᠵᠢᠯ ᠠᠴᠠ ᠨᠠᠭᠠᠰᠢ 3 ᠲᠦᠮᠡ ᠭᠠᠷᠤᠢ ᠮᠠᠰᠢᠨ ᠲᠡᠷᠭᠡ ᠪᠣᠷᠣᠯᠠᠭᠤᠯᠬᠤ ᠶᠢ ᠠᠬᠢᠭᠤᠯᠵᠤ᠂ ᠮᠠᠰᠢᠨ ᠲᠡᠷᠭᠡᠨ ᠤ ᠬᠡᠷᠡᠭᠯᠡᠭᠡ ᠶᠢ | ᠪᠠᠷᠤᠭ 47.6 ᠳ᠋ᠦᠩᠰᠢᠭᠤᠷ ᠲᠥᠭᠦᠷᠢᠭ ᠳᠠᠶᠢᠴᠢᠯᠠᠪᠠ᠃ ᠭᠡᠷ ᠤᠨ ᠴᠠᠭᠢᠯᠭᠠᠨ ᠬᠡᠷᠡᠭᠰᠡᠯ ᠤᠨ ᠲᠠᠯ᠎ᠠ ᠪᠠᠷ᠂ ᠬᠠᠭᠤᠴᠢᠨ ᠴᠠᠭᠢᠯᠭᠠᠨ ᠬᠡᠷᠡᠭᠰᠡᠯ ᠢᠶᠠᠷ ᠰᠢᠨ᠎ᠡ ᠶᠢ | ᠰᠣᠯᠢᠬᠤ ᠨᠥᠬᠦᠪᠦᠷᠢ ᠶᠢ 4600 ᠲᠦᠮᠡᠨ ᠲᠥᠭᠦᠷᠢᠭ ᠪᠠᠭᠤᠯᠭᠠᠵᠤ᠂ ᠭᠡᠷ ᠤᠨ ᠴᠠᠭᠢᠯᠭᠠᠨ ᠬᠡᠷᠡᠭᠰᠡᠯ ᠤᠨ ᠠᠵᠤ ᠦᠢᠯᠡᠰ ᠤᠨ ᠪᠣᠬᠢᠷᠳᠤᠯ ᠦᠭᠡᠢ᠂ ᠣᠶᠤᠨᠴᠢᠯᠠᠭᠰᠠᠨ | ᠲᠠᠰ ᠳᠡᠪᠰᠢᠬᠦ ᠳᠤ ᠬᠦᠴᠦᠨ ᠨᠡᠮᠡᠷᠢᠯᠡᠪᠡ᠂ ᠡᠨᠡ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠨᠡᠶᠢᠲᠡ 24.5 ᠲᠦᠮᠡᠨ ᠪᠣᠬᠢᠷᠳᠤᠯ ᠦᠭᠡᠢ ᠣᠶᠤᠨᠲᠤ ᠭᠡᠷ ᠤᠨ | ᠴᠠᠭᠢᠯᠭᠠᠨ ᠬᠡᠷᠡᠭᠰᠡᠯ ᠪᠣᠷᠣᠯᠠᠭᠤᠯᠵᠤ᠂ ᠪᠣᠷᠤᠯᠠᠭᠤᠯᠭ᠎ᠠ ᠶᠢᠨ ᠨᠣᠷᠮ᠎ᠠ 10.6 ᠳ᠋ᠦᠩᠰᠢᠭᠤᠷ ᠲᠥᠭᠦᠷᠢᠭ ᠲᠤ ᠬᠦᠷᠴᠡᠢ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠠᠪᠠᠭᠤᠯᠢᠭ ᠡᠬᠢ ᠪᠠᠶᠠᠯᠢᠭ ᠲᠤ | ᠠᠩᠬᠠᠷᠤᠯ ᠢᠶᠠᠨ ᠲᠥᠪᠯᠡᠷᠡᠭᠦᠯᠵᠦ᠂ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠨ᠂ ᠰᠢᠶᠠᠨ ᠤ ᠬᠤᠲᠠ ᠪᠠᠷ ᠭᠤᠣᠯ ᠪᠤᠯᠭᠠᠬᠤ᠂ ᠰᠢᠶᠠᠩ | ᠪᠠᠯᠭᠠᠰᠤ ᠪᠠᠷ ᠭᠤᠣᠯᠳᠠᠯᠭ᠎ᠠ ᠪᠤᠯᠭᠠᠬᠤ᠂ ᠲᠣᠰᠬᠤᠨ ᠢᠶᠠᠷ ᠰᠠᠭᠤᠷᠢ ᠪᠤᠯᠭᠠᠬᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢᠨ | ᠠᠵᠢᠯᠯᠠᠭᠠᠨ ᠤ ᠲᠤᠷᠰᠢᠯᠲᠠ ᠶᠢᠨ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠨ᠂ 2024 ᠣᠨ ᠳᠤ ᠲᠥᠪ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ | ᠲᠤᠰᠬᠠᠢ ᠪᠡᠯᠡ ᠮᠥᠩᠭᠦ ᠶᠢ 10071 ᠲᠦᠮᠡᠨ ᠲᠥᠭᠦᠷᠢᠭ ᠡᠷᠡᠮᠡᠯᠵᠡᠨ ᠣᠯᠣᠭᠰᠠᠨ ᠪᠥᠭᠡᠳ ᠪᠠᠭᠤᠯᠭᠠᠵᠤ᠂ ᠰᠢᠶᠠᠨ ᠤ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢ ᠲᠡᠮᠵᠢᠪᠡ᠃ | ᠮᠠᠨ ᠤ ᠣᠷᠣᠨ ᠤ ᠵᠢᠭᠤᠯᠴᠢᠯᠠᠯ ᠤᠨ ᠦᠢᠯᠡᠰ ᠤᠨ ᠨᠡᠷ᠎ᠡ ᠨᠥᠯᠥᠭᠡ᠂ ᠲᠠᠲᠠᠬᠤ ᠬᠦᠴᠦᠨ ᠢ ᠦᠷᠭᠦᠯᠵᠢᠯᠡᠨ ᠥᠷᠭᠡᠳᠬᠡᠬᠦ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠨᠢ ᠵᠢᠭᠤᠯᠴᠢᠯᠠᠯ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ 5091 ᠲᠦᠮᠡᠨ ᠲᠥᠭᠦᠷᠢᠭ | ᠲᠣᠬᠢᠷᠠᠭᠤᠯᠵᠤ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠳᠡᠮᠵᠢᠵᠦ᠂ ᠵᠢᠭᠤᠯᠴᠢᠯᠠᠯ ᠤᠨ ᠬᠡᠷᠡᠭᠯᠡᠭᠡ ᠵᠡᠷᠭᠡ ᠳᠤ | ᠨᠥᠬᠦᠪᠦᠷᠢ ᠥᠭᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠬᠦᠴᠦᠨ ᠨᠡᠮᠡᠷᠢᠯᠡᠯ᠎ᠡ᠃ | | |