ᠪᠦᠭᠦ ᠣᠷᠣᠨ ᠤ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 31670 ᠳ᠋ᠦᠡᠭᠰᠢᠭᠤᠷ ᠲᠥᠭᠦᠷᠢᠭ ᠢ ᠳᠠᠪᠠᠵᠠᠢ
ᠨᠡᠶᠢᠲᠡᠯᠡᠭᠰᠡᠨ ᠴᠠᠭ᠄
2024/8/7
      8 ᠰᠠᠷ᠎ᠠ ᠶᠢᠨ 2 ᠤᠨ ᠡᠳᠦᠷ ᠶᠠᠪᠤᠭᠳᠠᠭᠰᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠳᠤ᠂ ᠪᠦᠭᠦ ᠣᠷᠣᠨ ᠤ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ 31670 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 1606.2 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.9 % ᠪᠠᠷ ᠨᠡᠮᠡᠭᠳᠡᠨ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.1 ᠬᠤᠪᠢ ᠳᠡᠭᠡᠭᠰᠢᠯᠡᠪᠡ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠢ ᠠᠬᠢᠭᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠪᠡ᠃ ᠳᠡᠭᠡᠷ᠎ᠡ ᠬᠠᠭᠠᠰ ᠵᠢᠯ ᠳᠤ᠂ ᠪᠦᠭᠦ ᠣᠷᠣᠨ ᠤ ᠮᠥᠩᠭᠦᠨ ᠭᠦᠢᠯᠭᠡᠭᠡᠨ ᠤ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠠᠷᠠᠳ ᠤᠨ ᠵᠣᠭᠤᠰ ᠤᠨ ᠬᠠᠳᠠᠭᠠᠯᠠᠮᠵᠢ ᠪᠠ ᠵᠢᠭᠡᠯᠡᠯᠭᠡ ᠶᠢᠨ ᠨᠡᠮᠡᠭᠳᠡᠯ ᠰᠠᠶᠢᠨ᠂ ᠪᠡᠯᠡ ᠬᠤᠷᠠᠮᠳᠤᠭᠤᠯᠭ᠎ᠠ ᠶᠢᠨ ᠥᠪᠡᠷ ᠤᠨ ᠥᠷᠲᠡᠭ ᠲᠣᠭᠲᠠᠭᠤᠨ ᠤ ᠳᠤᠮᠳᠠ ᠪᠠᠭᠤᠷᠠᠵᠤ᠂ ᠭᠠᠳᠠᠭᠠᠳᠤ ᠭᠤᠪᠢᠭᠤᠯᠭ᠎ᠠ ᠪᠠ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠣᠷᠣᠯᠭ᠎ᠠ ᠵᠠᠷᠤᠯᠭ᠎ᠠ ᠶᠢᠨ ᠬᠡᠮᠵᠢᠶ᠎ᠡ ᠨᠡᠮᠡᠭᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠲᠡᠢ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠳᠤ᠂ ᠪᠦᠭᠦ ᠣᠷᠣᠨ ᠤ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 37874.9 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 1557.3 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.7 % ᠪᠠᠷ ᠨᠡᠮᠡᠭᠳᠡᠵᠦ᠂ ᠪᠦᠭᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ1.6 ᠬᠤᠪᠢ ᠳᠠᠪᠠᠪᠠ᠃ ᠪᠦᠭᠦ ᠣᠷᠣᠨ ᠤ ᠠᠵᠤ ᠠᠬᠤᠶᠢᠯᠠᠯ︵ᠠᠵᠢᠯ ᠦᠢᠯᠡᠰ︶ ᠤᠨ ᠨᠢᠭᠡᠴᠢ ᠶᠢᠨ ᠵᠢᠭᠡᠯᠡᠯᠭᠡ ᠶᠢᠨ ᠦᠯᠡᠳᠡᠪᠦᠷᠢ 21625.7 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 981.3 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ᠃ ᠰᠠᠭᠤᠭᠠᠯᠢ ᠡᠷᠦᠭᠡ ᠶᠢᠨ ᠵᠢᠭᠡᠯᠡᠯᠭᠡ ᠶᠢᠨ ᠨᠡᠮᠡᠭᠳᠡᠯ ᠨᠡᠯᠢᠶᠡᠳ ᠲᠦᠷᠭᠡᠨ ᠪᠣᠯᠵᠤ᠂ ᠪᠦᠭᠦ ᠣᠷᠣᠨ ᠤ ᠰᠠᠭᠤᠭᠠᠯᠢ ᠡᠷᠦᠭᠡ ᠶᠢᠨ ᠵᠢᠭᠡᠯᠡᠯᠭᠡ ᠶᠢᠨ ᠦᠯᠡᠳᠡᠪᠦᠷᠢ 10004 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠡᠬᠢᠨ ᠤ ᠬᠢ ᠠᠴᠠ 618.4 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠨᠢᠳᠤᠨᠤᠨ  ᠤ ᠠᠳᠠᠯᠢ ᠬᠤᠭᠤᠴᠠᠭᠠᠨ ᠤ ᠬᠢ ᠠᠴᠠ 10.3 % ᠪᠠᠷ ᠨᠡᠮᠡᠭᠳᠡᠪᠡ᠃ ᠪᠠᠰᠠ ᠭᠤᠣᠯᠳᠠᠯᠭ᠎ᠠ ᠲᠠᠢ ᠠᠵᠢᠯ ᠲᠦᠷᠦᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠪᠦᠭᠦ ᠣᠷᠣᠨ ᠤ ᠠᠭᠤᠷᠬᠠᠢ ᠮᠠᠯᠲᠠᠬᠤ ᠦᠢᠯᠡᠰ᠂ ᠦᠢᠯᠡᠳᠬᠦ ᠦᠢᠯᠡᠰ᠂ ᠴᠠᠭᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠵᠢᠭᠡᠯᠡᠯᠭᠡ ᠶᠢᠨ ᠦᠯᠡᠳᠡᠪᠦᠷᠢ ᠲᠣᠰ ᠲᠣᠰ 1436.7 ᠳ᠋ᠦᠩᠰᠢᠭᠤᠷ ᠲᠥᠭᠦᠷᠢᠭ᠂ 3178.4 ᠳ᠋ᠦᠩᠰᠢᠭᠤᠷ ᠲᠥᠭᠦᠷᠢᠭ ᠪᠠ 4172.9 ᠳ᠋ᠦᠩᠰᠢᠭᠤᠷ ᠲᠥᠭᠦᠷᠢᠭ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 23.5 %᠂ 10.5 % ᠪᠠ 28.7 % ᠪᠠᠷ ᠨᠡᠮᠡᠭᠳᠡᠪᠡ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ