ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠵᠠᠯᠠᠭᠤᠴᠤᠳ ᠲᠤ ︽ᠰᠡᠳᠬᠢᠯ︾ ᠤᠨ ᠬᠦᠴᠦᠨ ᠪᠦᠬᠦᠢ ︽ᠰᠢᠨ᠎ᠡ︾ ᠡᠨᠧᠷᠭᠢ ᠨᠡᠮᠡᠷᠢᠯᠡᠯ᠎ᠡ
ᠨᠡᠶᠢᠲᠡᠯᠡᠭᠰᠡᠨ ᠴᠠᠭ᠄
2024/8/9
      ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠣᠶᠢᠷ᠎ᠠ ᠳᠤ ︽ᠰᠡᠳᠬᠢᠯ ᠢ ᠣᠶᠢᠯᠠᠭᠠᠵᠤ ᠰᠡᠳᠬᠢᠯ ᠢ ᠲᠠᠶᠢᠪᠤᠰᠢᠷᠠᠭᠤᠯᠬᠤ︾ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ ᠪᠠᠶᠢᠭᠤᠯᠭ᠎ᠠ ᠳᠤ ᠣᠷᠣᠭᠤᠯᠬᠤ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠪᠦᠲᠦᠭᠡᠨ ᠪᠠᠶᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠥᠭᠡᠳᠡᠯᠡᠨ ᠳᠠᠪᠰᠢᠬᠤ᠂ ᠪᠦᠯᠬᠦᠮᠳᠡᠨ ᠨᠢᠭᠡᠳᠬᠦ ᠪᠠᠶᠢᠭᠤᠯᠭ᠎ᠠ ᠶᠢᠨ ᠠᠭᠤᠷ ᠠᠮᠢᠰᠬᠤᠯ ᠢ ᠪᠤᠶ ᠪᠤᠯᠭᠠᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠤ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ ︽ᠵᠠᠯᠠᠭᠤᠴᠤᠳ ᠤᠨ ᠨᠣᠮ ᠤᠨ ᠥᠷᠥᠭᠡ︾ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠠᠭᠤᠷ ᠠᠮᠢᠰᠬᠤᠯ ᠢᠶᠠᠷ ᠪᠢᠯᠬᠠᠮ᠎ᠠ᠃ 12355 ᠵᠠᠯᠠᠭᠤᠴᠤᠳ ᠪᠠᠭᠠᠴᠤᠳ ᠤᠨ ᠦᠢᠯᠡᠴᠢᠯᠡᠭᠡᠨ ᠤ ᠲᠠᠪᠴᠠᠩ ᠤᠨ ᠰᠡᠳᠬᠢᠴᠡ ᠶᠢᠨ ᠬᠠᠪᠰᠤᠷᠤᠨ ᠵᠢᠯᠣᠭᠤᠳᠤᠭᠴᠢ ᠶᠢᠨ ᠵᠢᠯᠣᠭᠤᠳᠤᠯᠭ᠎ᠠ ᠳᠣᠣᠷ᠎ᠠ᠂ ᠣᠷᠣᠯᠴᠠᠭᠰᠠᠳ ᠵᠢᠷᠤᠭ ᠵᠢᠷᠤᠬᠤ ᠠᠷᠭ᠎ᠠ ᠮᠠᠶ᠋ᠢᠭ ᠢᠶᠠᠷ ᠳᠣᠲᠣᠭᠠᠳᠤ ᠰᠡᠳᠬᠢᠯ ᠤᠨ ᠶᠢᠷᠲᠢᠨᠴᠦ ᠪᠠᠨ ᠨᠠᠩ ᠰᠠᠶᠢᠨ ᠣᠶᠢᠯᠠᠭᠠᠵᠤ᠂ ᠡᠭᠦᠨ ᠤ ᠤᠯᠠᠮ ᠠᠴᠠ ᠥᠪᠡᠷ ᠢ ᠪᠠᠨ ᠲᠠᠨᠢᠨ ᠮᠡᠳᠡᠬᠦᠢ ᠪᠠ ᠦᠰᠦᠨ ᠪᠤᠶᠢᠵᠢᠯᠲᠠ ᠪᠠᠨ ᠠᠬᠢᠭᠤᠯᠤᠭᠰᠠᠨ ᠪᠠᠶᠢᠨ᠎ᠠ᠃      ︽ᠥᠨᠥᠳᠥᠷ ᠪᠢᠳᠡ ᠬᠠᠮᠲᠤ ᠪᠠᠷ ᠰᠡᠳᠬᠢᠴᠡ ᠶᠢᠨ ᠡᠷᠡᠭᠦᠯ ᠮᠡᠨᠳᠦ ᠶᠢᠨ ᠴᠢᠬᠤᠯᠠ ᠴᠢᠨᠠᠷ ᠢ ᠰᠤᠳᠤᠯᠤᠨ ᠶᠠᠷᠢᠯᠴᠠᠵᠤ᠂ ᠲᠣᠰ ᠲᠣᠰ ᠤᠨ ᠥᠯᠢᠭᠡᠷ ᠪᠠ ᠥᠩᠭᠡᠷᠡᠯᠲᠡ ᠪᠠᠨ ᠬᠤᠪᠢᠶᠠᠯᠴᠠᠭᠰᠠᠨ ᠪᠥᠭᠡᠳ ᠵᠠᠷᠢᠮ ᠪᠣᠳᠠᠲᠤ ᠬᠡᠷᠡᠭᠯᠡᠭᠡᠨ ᠤ ᠤᠷ᠎ᠠ ᠮᠡᠷᠭᠡᠵᠢᠯ ᠢ ᠰᠤᠷᠤᠯᠴᠠᠬᠰᠠᠨ ᠠᠴᠠ ᠥᠪᠡᠷ ᠤᠨ ᠪᠡᠶ᠎ᠡ ᠪᠠ ᠳᠡᠷᠭᠡᠳᠡᠬᠢ ᠬᠥᠮᠥᠰ ᠢᠶᠠᠨ ᠨᠠᠩ ᠰᠠᠶᠢᠲᠤᠷ ᠬᠠᠷᠠᠭᠠᠯᠵᠠᠵᠤ ᠴᠢᠳᠠᠬᠤ ᠪᠣᠯᠵᠠᠢ᠃ ᠡᠷᠡᠭᠦᠯ ᠰᠠᠷᠠᠭᠤᠯ ᠰᠡᠳᠬᠢᠯ ᠨᠢ ᠶᠠᠭ ᠨᠡᠷᠡᠨ ᠤ ᠭᠡᠷᠡᠯ ᠰᠢᠭ ᠢᠶᠠᠷ ᠥᠪᠡᠷ ᠤᠨ ᠶᠢᠷᠲᠢᠨᠴᠦ ᠪᠠᠨ ᠭᠡᠷᠡᠯᠲᠦᠭᠦᠯᠭᠦ ᠪᠠᠷ ᠪᠠᠷᠠᠬᠤ ᠦᠭᠡᠢ᠂ ᠪᠠᠰᠠ ᠡᠷᠭᠢᠨ ᠲᠣᠭᠤᠷᠢᠨ ᠤ ᠬᠥᠮᠥᠰ ᠢ ᠴᠸ ᠳᠤᠯᠠᠭᠠᠴᠠᠭᠤᠯᠵᠤ ᠴᠢᠳᠠᠨ᠎ᠠ︾ ᠭᠡᠵᠦ ᠠᠵᠢᠯᠯᠠᠭ᠎ᠠ ᠳᠤ ᠣᠷᠣᠯᠴᠠᠭᠰᠠᠳ ᠶᠠᠷᠢᠵᠠᠭᠠᠵᠤ ᠪᠠᠶᠢᠯ᠎ᠠ᠃      ᠲᠤᠰ ᠤᠳᠠᠭᠠᠨ ᠤ ᠠᠵᠢᠯᠯᠠᠭ᠎ᠠ ᠨᠢ ᠪᠠᠶᠢᠭᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠳᠤ ᠰᠡᠳᠬᠢᠯ ᠰᠠᠨᠠᠭ᠎ᠠ ᠪᠠᠨ ᠲᠠᠶᠢᠪᠤᠰᠢᠷᠠᠭᠤᠯᠬᠤ᠂ ᠠᠵᠢᠯ ᠠᠮᠢᠳᠤᠷᠠᠯ ᠤᠨ ᠳᠠᠷᠤᠯᠲᠠ ᠪᠠᠨ ᠵᠣᠬᠢᠴᠠᠭᠤᠯᠬᠤ ᠣᠷᠣᠨ ᠵᠠᠢ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠣᠯᠠᠨ ᠪᠦᠭᠦᠳᠡ ᠳᠤ ︽ᠰᠡᠳᠬᠢᠯ︾ ᠤᠨ ᠬᠦᠴᠦᠨ᠂ ︽ᠰᠢᠨ᠎ᠡ︾ ᠡᠨᠧᠷᠭᠢ ᠨᠡᠮᠡᠷᠢᠯᠡᠵᠦ᠂ ᠵᠠᠯᠠᠭᠤ ᠺᠠᠳ᠋ᠷ ᠠᠵᠢᠯᠲᠠᠨ ᠠᠵᠢᠯᠴᠢᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠣᠷᠭᠢᠯᠤᠮ᠎ᠠ ᠬᠠᠯᠠᠭᠤᠨ ᠰᠡᠳᠬᠢᠯᠭᠡ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠦᠢᠯᠡᠳᠦᠯᠭᠡ ᠳᠤᠮᠳᠠ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠭᠠᠷᠭᠠᠬᠤ ᠤᠷᠮ᠎ᠠ ᠵᠣᠷᠢᠭ ᠢ ᠬᠥᠭᠵᠢᠭᠡᠪᠡ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ