ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠦᠢᠯᠡᠰ ᠤᠨ ᠨᠢᠭᠡᠴᠢ ᠶᠢᠨ | ᠠᠵᠢᠯᠲᠠᠨ ᠢ ᠬᠢᠨᠠᠨ ᠰᠢᠯᠭᠠᠬᠤ ᠠᠷᠭ᠎ᠠ︾ ︵ᠳᠣᠷᠣᠭᠰᠢ ︽ᠬᠢᠨᠠᠨ ᠰᠢᠯᠭᠠᠬᠤ ᠠᠷᠭ᠎ᠠ︾ ᠭᠡᠵᠦ ᠲᠣᠪᠴᠢᠯᠠᠨ᠎ᠠ︶ ᠶᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠢ ᠬᠢᠨᠠᠨ ᠰᠢᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ | ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠦᠭᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠳᠡᠪᠬᠢ ᠴᠢᠨᠠᠷ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠭᠰᠠᠨ ᠪᠠᠶᠢᠨ᠎ᠠ᠃ | ︽ᠬᠢᠨᠠᠨ ᠰᠢᠯᠭᠠᠬᠤ ᠠᠷᠭ᠎ᠠ︾ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠬᠢᠨᠠᠨ ᠰᠢᠯᠭᠠᠬᠤ ᠠᠷᠭ᠎ᠠ ᠮᠠᠶ᠋ᠢᠭ ᠢ ᠲᠣᠳᠣᠷᠬᠠᠢ ᠲᠣᠭᠲᠠᠭᠠᠪᠠ᠂ ᠡᠭᠦᠨ ᠳᠤ | ᠭᠤᠣᠯᠳᠠᠭᠤ ᠣᠨ ᠤ ᠬᠢᠨᠠᠨ ᠰᠢᠯᠭᠠᠬᠤ ᠪᠠ ᠤᠷᠢᠬᠤ ᠬᠤᠭᠤᠴᠠᠭᠠᠨ ᠤ ᠬᠢᠨᠠᠨ ᠰᠢᠯᠭᠠᠬᠤ ᠠᠷᠭ᠎ᠠ ᠮᠠᠶ᠋ᠢᠭ ᠪᠠᠭᠲᠠᠨ᠎ᠠ᠂ ᠠᠵᠢᠯ ᠤᠨ ᠪᠣᠳᠠᠲᠤ ᠪᠠᠶᠢᠳᠠᠯ ᠢᠶᠠᠨ | ᠦᠨᠳᠦᠰᠦᠯᠡᠨ ᠡᠩ ᠤᠨ ᠦᠶ᠎ᠡ ᠶᠢᠨ ᠬᠢᠨᠠᠨ ᠰᠢᠯᠭᠠᠬᠤ᠂ ᠲᠤᠰᠬᠠᠢ ᠵᠦᠢᠯ ᠤᠨ ᠬᠢᠨᠠᠨ ᠰᠢᠯᠭᠠᠬᠤ ᠠᠵᠢᠯ ᠢ ᠥᠷᠨᠢᠭᠦᠯᠬᠦ ᠶᠢᠨ ᠬᠠᠮᠲᠤ ᠬᠢᠨᠠᠨ ᠰᠢᠯᠭᠠᠬᠤ | ᠠᠭᠤᠯᠭ᠎ᠠ ᠶᠢᠨ ᠳᠣᠲᠣᠷᠠᠬᠢ ︽ᠮᠣᠷᠠᠯ᠂ ᠴᠢᠳᠠᠪᠤᠷᠢ᠂ ᠠᠵᠢᠯᠴᠢ᠂ ᠪᠦᠲᠦᠮᠵᠢ᠂ ᠴᠢᠬᠡᠴᠢ︾ ᠶᠢᠨ ᠪᠣᠳᠠᠲᠠᠢ ᠠᠭᠤᠯᠤᠭᠳᠠᠬᠤᠨ ᠢ ᠨᠠᠷᠢᠯᠢᠭᠵᠢᠭᠤᠯᠤᠨ ᠲᠣᠳᠣᠷᠬᠠᠶᠢᠯᠠᠵᠤ | ᠪᠠᠶᠠᠯᠢᠭᠵᠢᠭᠤᠯᠤᠨ ᠲᠡᠭᠦᠯᠳᠡᠷᠵᠢᠭᠦᠯᠵᠡᠢ᠃ | ︽ᠬᠢᠨᠠᠨ ᠰᠢᠯᠭᠠᠬᠤ ᠠᠷᠭ᠎ᠠ︾ ᠳᠤ ᠬᠢᠨᠠᠨ ᠰᠢᠯᠭᠠᠬᠤ ᠶᠢᠨ ︽ᠳᠣᠬᠢᠭᠤᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨ ᠤ ᠬᠢᠨᠠᠨ ᠰᠢᠯᠭᠠᠯᠲᠠ ᠳᠠᠬᠢ | ᠰᠢᠯᠢᠳᠡᠭ ᠲᠠᠰ ᠤᠨ ᠬᠥᠮᠥᠨ ᠤ ᠲᠤᠭ᠎ᠠ ᠶᠢ ᠲᠣᠳᠣᠷᠬᠠᠶᠢᠯᠠᠵᠤ᠂ ᠡᠩ ᠤᠨ ᠪᠠᠶᠢᠳᠠᠯ ᠳᠤ ᠲᠣᠰ ᠨᠢᠭᠡᠴᠢ ᠶᠢᠨ ᠣᠨ ᠤ ᠬᠢᠨᠠᠨ ᠰᠢᠯᠭᠠᠬᠤ ᠳᠤ ᠣᠷᠤᠯᠴᠠᠬᠤ ᠶᠣᠰᠣᠲᠠᠢ | ᠠᠵᠢᠯᠲᠠᠨ ᠤ ᠪᠦᠭᠦ ᠬᠥᠮᠥᠨ ᠤ ᠲᠣᠭᠠᠨ ᠤ 20% ᠠᠴᠠ ᠬᠡᠲᠦᠷᠡᠭᠦᠯᠵᠦ ᠪᠤᠯᠬᠤ ᠦᠭᠡᠢ ᠭᠡᠵᠦ ᠱᠠᠭᠠᠷᠳᠠᠪᠠ᠃ ᠨᠢᠭᠡᠴᠢ ᠨᠢ ᠬᠠᠮᠲᠤ ᠶᠢᠨ ᠭᠠᠪᠢᠶ᠎ᠠ ᠲᠡᠮᠳᠡᠭᠯᠡᠬᠦ ᠠᠴᠠ | ᠳᠡᠭᠡᠭᠰᠢᠬᠢ ᠱᠠᠩᠨᠠᠯ ᠭᠥᠷᠳᠡᠭᠰᠡᠨ᠂ ᠴᠢᠬᠤᠯᠠ ᠶᠡᠭᠡ ᠠᠵᠢᠯ ᠤᠨ ᠰᠢᠨ᠎ᠡ ᠡᠭᠦᠳᠦᠯᠲᠡ ᠣᠯᠣᠭᠰᠠᠨ ᠪᠤᠶᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠨᠢ | ᠬᠤᠯᠪᠣᠭᠳᠠᠯ ᠪᠦᠬᠦᠢ ᠪᠠᠶᠢᠭᠤᠯᠭ᠎ᠠ ︵ᠰᠠᠯᠠᠭ᠎ᠠ ᠮᠥᠴᠢᠷ︶ ᠠᠴᠠ ᠮᠠᠭᠠᠳᠯᠠᠨ ᠲᠣᠭᠲᠠᠭᠠᠭᠰᠠᠨ᠂ ᠨᠢᠭᠡᠴᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ | ᠰᠢᠯᠭᠠᠯᠲᠠ ᠳᠤ ᠰᠢᠯᠢᠳᠡᠭ ᠲᠠᠰ ᠣᠯᠣᠭᠰᠠᠨ ᠪᠠᠶᠢᠪᠠᠯ ᠬᠢᠯᠢ ᠬᠢᠵᠠᠭᠠᠷ ᠤᠨ ᠬᠤᠰᠢᠭᠤ ᠰᠢᠶᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠵᠢᠴᠢ ᠳᠥᠷᠪᠡᠨ ᠲᠥᠷᠥᠯ ᠵᠢᠴᠢ ᠲᠡᠭᠦᠨ ᠠᠴᠠ ᠳᠡᠭᠡᠭᠰᠢᠬᠢ ᠬᠠᠲᠠᠭᠤ ᠪᠡᠷᠬᠡᠰᠢᠶᠡᠯᠲᠡᠢ ᠬᠢᠯᠢ | ᠬᠢᠵᠠᠭᠠᠷ ᠤᠨ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ ᠶᠢᠨ ᠠᠵᠢᠯ ᠦᠢᠯᠡᠰ ᠤᠨ ᠨᠢᠭᠡᠴᠢ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠡᠩ ᠤᠨ | ᠪᠠᠶᠢᠳᠠᠯ ᠳᠤ 25% ᠪᠠᠷ ᠡᠵᠡᠮᠳᠡᠨ᠎ᠡ᠃ ᠮᠤᠵᠢ ᠶᠠᠮᠤᠨ ᠤ ᠲᠠᠰ ᠤᠨ ᠬᠥᠬᠢᠭᠦᠯᠦᠯ ᠢ ᠭᠥᠷᠳᠡᠭᠰᠡᠨ ᠠᠵᠢᠯ ᠦᠢᠯᠡᠰ ᠤᠨ ᠨᠢᠭᠡᠴᠢ ᠶᠢᠨ ᠰᠢᠯᠢᠳᠡᠭ ᠲᠠᠰ ᠤᠨ | ᠬᠠᠷᠢᠴᠠᠯ ᠢ 30% ᠶᠢᠨ ᠳᠣᠲᠣᠷ᠎ᠠ ᠡᠵᠡᠮᠳᠡᠵᠦ ᠪᠣᠯᠣᠨ᠎ᠠ᠃ ᠤᠯᠤᠰ ᠤᠨ ᠲᠠᠰ ᠤᠨ ᠬᠥᠬᠢᠭᠦᠯᠦᠯ ᠱᠠᠩᠨᠠᠯ ᠭᠥᠷᠳᠡᠭᠰᠡᠨ ᠵᠡᠷᠭᠡ ᠶᠡᠷᠦᠩᠬᠡᠶᠢᠯᠡᠭᠰᠡᠨ ᠢᠯᠡᠷᠡᠯ ᠨᠢ | ᠣᠨᠴᠠᠭᠠᠶ ᠲᠣᠪᠣᠶᠢᠮ᠎ᠠ ᠪᠤᠶᠤ ᠣᠨᠴᠠᠭᠠᠶ ᠠᠵᠢᠯ ᠦᠢᠯᠡᠰ ᠤᠨ ᠨᠢᠭᠡᠴᠢ ᠶᠢᠨ ᠰᠢᠯᠢᠳᠡᠭ ᠲᠠᠰ ᠤᠨ ᠬᠠᠷᠢᠴᠠᠯ ᠢ 35% ᠶᠢᠨ ᠳᠣᠲᠣᠷ᠎ᠠ ᠡᠵᠡᠮᠳᠡᠵᠦ ᠪᠣᠯᠣᠨ᠎ᠠ᠃ | ︽ᠬᠢᠨᠠᠨ ᠰᠢᠯᠭᠠᠬᠤ ᠠᠷᠭ᠎ᠠ︾ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠱᠠᠩᠨᠠᠨ ᠬᠥᠬᠢᠭᠦᠯᠬᠦ ᠪᠠᠷᠢᠮᠵᠢᠶ᠎ᠠ ᠶᠢ ᠲᠣᠳᠣᠷᠬᠠᠢ ᠲᠣᠭᠲᠠᠭᠠᠵᠤ᠂ | ᠲᠤᠬᠠᠢ ᠶᠢᠨ ᠵᠢᠯ ᠳᠤ ᠰᠢᠯᠢᠳᠡᠭ ᠬᠢᠨᠠᠨ ᠰᠢᠯᠭᠠᠭᠰᠠᠳ ᠢ ᠰᠠᠶᠢᠰᠢᠶᠠᠨ ᠬᠥᠬᠢᠭᠦᠯᠵᠦ ᠪᠣᠯᠣᠨ᠎ᠠ᠂ ᠭᠤᠷᠪᠠᠨ ᠵᠢᠯ ᠳᠠᠷᠠᠭᠠᠯᠠᠨ ᠰᠢᠯᠢᠳᠡᠭ ᠬᠢᠨᠠᠨ ᠰᠢᠯᠭᠠᠭᠰᠠᠳ ᠢ ᠭᠠᠪᠢᠶ᠎ᠠ | ᠲᠡᠮᠳᠡᠭᠯᠡᠭᠦᠯᠬᠦ ᠪᠠᠷ ᠲᠠᠨᠢᠯᠴᠠᠭᠤᠯᠵᠤ ᠪᠣᠯᠣᠨ᠎ᠠ ᠭᠡᠵᠦ ᠲᠣᠭᠲᠠᠵᠠᠢ᠃ ᠡᠨᠡ ᠨᠢ ᠰᠢᠯᠭᠠᠬᠤ ᠪᠠ ᠬᠡᠷᠡᠭᠯᠡᠬᠦ ᠶᠢ ᠤᠶᠠᠯᠳᠤᠭᠤᠯᠬᠤ᠂ ᠦᠨᠡᠨ ᠰᠢᠯᠭᠠᠵᠤ ᠦᠨᠡᠨ ᠬᠡᠷᠡᠭᠯᠡᠬᠦ | ᠠᠵᠢᠯ ᠤᠨ ᠤᠳᠤᠷᠢᠳᠤᠮᠵᠢ ᠶᠢ ᠨᠠᠩ ᠰᠠᠶᠢᠨ ᠢᠯᠡᠷᠡᠭᠦᠯᠦᠭᠰᠡᠨ ᠪᠠᠶᠢᠨ᠎ᠠ᠃ | |