ᠡᠶᠢᠮᠦ ᠲᠥᠷᠥᠯ ᠤᠨ ᠬᠥᠮᠥᠰ ᠨᠥᠬᠦᠪᠦᠷᠢ ᠠᠪᠴᠤ ᠪᠣᠯᠣᠨ᠎ᠠ︕
ᠨᠡᠶᠢᠲᠡᠯᠡᠭᠰᠡᠨ ᠴᠠᠭ᠄
2024/8/9
      ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ ︽ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠢ ᠮᠡᠳᠡᠭᠳᠡᠯ︾ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠱᠠᠲᠤ ᠦᠶᠡᠴᠢ ᠴᠢᠨᠠᠷᠲᠠᠢ᠂ ᠬᠠᠮ ᠭᠡᠯᠪᠡᠷᠢ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠨᠡᠶᠢᠲᠡᠯᠡᠪᠡ᠃      ᠲᠤᠰ ︽ᠮᠡᠳᠡᠭᠳᠡᠯ︾ ᠳᠤ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠠᠳ ᠲᠤ ᠠᠰᠢᠭ ᠬᠦᠷᠲᠡᠭᠡᠬᠦ 3 ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃      ᠨᠢᠭᠡ ᠳᠤ᠂ ᠳᠠᠷᠤᠭᠠᠰᠤ ᠶᠢ ᠬᠥᠩᠭᠡᠷᠡᠭᠦᠯᠬᠦ ᠲᠠᠯ᠎ᠠ ᠪᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠢ ᠪᠠᠷ 1% ᠭᠦᠷᠲᠡᠯ᠎ᠡ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 2025 ᠣᠨ ᠤ ᠡᠴᠦᠰ ᠪᠤᠯᠲᠠᠯ᠎ᠠ ᠬᠡᠷᠡᠭᠵᠢᠭᠦᠯᠦᠨ᠎ᠡ᠃      ᠬᠤᠶᠠᠷ ᠲᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠠᠯ᠎ᠠ ᠪᠠᠷ᠂ ᠠᠵᠢᠯᠲᠠᠨ ᠬᠠᠰᠤᠬᠤ ᠦᠭᠡᠢ ᠪᠤᠶᠤ ᠴᠥᠭᠡᠨ ᠬᠠᠰᠤᠬᠤ ᠳᠠᠭᠠᠳᠬᠠᠯ ᠳᠤ ᠣᠷᠣᠯᠴᠠᠬᠰᠠᠨ ᠠᠵᠤ ᠠᠬᠤᠶᠢᠯᠠᠯ ᠳᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ 2024 ᠣᠨ ᠤ ᠡᠴᠦᠰ ᠪᠤᠯᠲᠠᠯ᠎ᠠ ᠦᠷᠭᠦᠯᠵᠢᠯᠡᠨ ᠬᠡᠷᠡᠭᠵᠢᠭᠦᠯᠵᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠤ ᠠᠬᠤᠶᠢᠯᠠᠯ ᠵᠢᠴᠢ ᠲᠡᠭᠦᠨ ᠤ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠪᠣᠳᠠᠲᠠᠢ ᠲᠤᠰᠢᠶᠠᠭᠰᠠᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠤᠨ 60% ᠠᠴᠠ ᠬᠡᠲᠦᠷᠡᠭᠦᠯᠬᠦ ᠦᠭᠡᠢ ᠪᠠᠷ ᠪᠤᠴᠠᠭᠠᠨ ᠥᠭᠴᠦ᠂ ᠲᠣᠮᠣ ᠠᠵᠤ ᠠᠬᠤᠶᠢᠯᠠᠯ ᠤᠨ ᠪᠤᠴᠠᠭᠠᠨ ᠥᠭᠬᠦ ᠬᠠᠷᠢᠴᠠᠯ ᠢ 30% ᠠᠴᠠ ᠬᠡᠲᠦᠷᠡᠭᠦᠯᠬᠦ ᠦᠭᠡᠢ; ᠪᠡᠯᠡ ᠮᠥᠩᠭᠦᠨ ᠤ ᠬᠡᠷᠡᠭᠴᠡᠭᠡ ᠶᠢ ᠣᠲᠣ ᠶᠢᠨ ᠬᠡᠷᠡᠭᠵᠢᠭᠦᠯᠵᠦ ᠪᠠᠶᠢᠭ᠎ᠠ ᠳᠥᠷᠪᠡᠨ ᠵᠦᠢᠯ ᠤᠨ ᠲᠣᠭᠲᠠᠪᠤᠷᠢᠲᠠᠢ ᠠᠵᠢᠯ ᠤᠨ ᠪᠠᠶᠢᠷᠢ ᠶᠢᠨ ᠵᠠᠷᠤᠯᠭ᠎ᠠ ᠠᠴᠠ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠤᠨ ᠵᠠᠷᠤᠯᠭ᠎ᠠ ᠶᠢ ᠪᠠᠭᠤᠷᠠᠭᠤᠯᠬᠤ ᠭᠦᠷᠲᠡᠯ᠎ᠡ ᠥᠷᠭᠡᠳᠭᠡᠨ᠎ᠡ; ᠨᠡᠶᠢᠭᠡᠮ ᠤᠨ ᠪᠦᠯᠭᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠨᠢᠭᠲᠠᠯᠠᠨ ᠪᠤᠳᠤᠬᠴᠢ ᠶᠢᠨ ᠬᠡᠷᠡᠭ ᠡᠷᠭᠢᠯᠡᠭᠦ ᠭᠠᠵᠠᠷ᠂ ᠨᠢᠭᠡᠴᠢ ᠶᠢᠨ ᠭᠡᠯᠪᠡᠷᠢ ᠪᠠᠷ ᠳᠠᠭᠠᠳᠬᠠᠯ ᠳᠤ ᠣᠷᠣᠯᠴᠠᠬᠰᠠᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠭᠡ ᠳᠤ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠭᠤᠷᠪᠠ ᠳᠤ᠂ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ᠂ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠳᠠᠭᠠᠳᠬᠠᠯ ᠳᠤ ᠣᠷᠣᠯᠴᠠᠬᠰᠠᠨ ᠵᠢᠯ ᠬᠤᠭᠤᠴᠠᠭ᠎ᠠ ᠶᠢ ᠦᠷᠭᠦᠯᠵᠢᠯᠡᠨ ᠤᠷᠲᠦ ᠲᠠᠯᠪᠢᠬᠤ ᠶᠢᠨ ᠬᠠᠮᠲᠤ ᠠᠰᠢᠭ ᠭᠦᠷᠳᠡᠭᠦ ᠬᠡᠪᠴᠢᠶ᠎ᠡ ᠶᠢ 2024 ᠣᠨ ᠤ ᠡᠴᠦᠰ ᠪᠤᠯᠲᠠᠯ᠎ᠠ ᠥᠷᠭᠡᠳᠬᠡᠵᠦ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠠᠳ ᠪᠦᠬᠦᠯᠢ 1 ᠵᠢᠯ ᠪᠣᠯᠤᠭᠰᠠᠨ᠂ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠳᠠᠭᠠᠳᠬᠠᠯ ᠳᠤ ᠣᠷᠣᠯᠴᠠᠬᠰᠠᠨ ᠠᠵᠢᠯᠲᠠᠨ ᠠᠵᠢᠯᠴᠢᠨ ᠪᠤᠶᠤ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠤᠭᠰᠠᠨ ᠬᠥᠮᠥᠰ ᠲᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠨᠥᠬᠦᠪᠦᠷᠢ ᠣᠯᠭᠤᠨ᠎ᠠ᠃      ᠲᠤᠰ ︽ᠮᠡᠳᠡᠭᠳᠡᠯ︾ ᠳᠤ ᠪᠠᠰᠠ ᠡᠯ᠎ᠡ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠠᠯᠳᠠᠯᠲᠠ ᠶᠢᠨ ᠳᠠᠭᠠᠳᠬᠠᠯ ᠤᠨ ᠬᠠᠷᠠᠭᠠᠯᠵᠠᠯ ᠢ︽ᠰᠠᠭᠠᠳ ᠦᠭᠡᠢ ᠣᠯᠬᠤ᠂ ᠠᠮᠤᠷ ᠲᠦᠪᠰᠢᠨ ᠭᠦᠢᠴᠡᠳᠬᠡᠬᠦ︾ ᠶᠢ ᠪᠠᠲᠤᠯᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢ ︽ᠬᠠᠮᠠᠭᠠᠯᠠᠬᠤ ᠠᠵᠢᠯᠯᠠᠭ᠎ᠠ︾ ᠪᠠ ᠤᠷ᠎ᠠ ᠴᠢᠳᠠᠪᠤᠷᠢ ᠶᠢ ︽ᠳᠡᠭᠡᠭᠰᠢᠯᠡᠭᠦᠯᠭᠦ ᠠᠵᠢᠯᠯᠠᠭ᠎ᠠ︾ ᠶᠢ ᠶᠡᠭᠡ ᠪᠠᠷ ᠥᠷᠨᠢᠭᠦᠯᠵᠦ᠂ ᠲᠣᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠭᠠᠷᠲᠠᠨ ᠭᠦᠢᠴᠡᠳᠬᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠮᠥᠩᠭᠦᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠭᠰᠠᠨ ᠪᠠᠶᠢᠨ᠎ᠠ᠃
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ