ᠰᠤᠷᠪᠤᠯᠵᠢᠯᠠᠬᠴᠢ 7 ᠤ ᠡᠳᠦᠷ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠤᠨ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ | ᠵᠣᠨ ᠤ ᠠᠮᠠᠷᠠᠯᠲᠠ ᠶᠢᠨ ᠵᠥᠭᠡᠭᠡᠪᠦᠷᠢ ᠡᠬᠢᠯᠡᠭᠰᠡᠨ ᠠᠴᠠ ᠨᠠᠭᠠᠰᠢ᠂ 7 ᠰᠠᠷ᠎ᠠ ᠶᠢᠨ 1 ᠠᠴᠠ 8 ᠰᠠᠷ᠎ᠠ ᠶᠢᠨ 6 ᠤ ᠡᠳᠦᠷ ᠪᠤᠯᠲᠠᠯ᠎ᠠ᠂ ᠪᠦᠭᠦ ᠤᠯᠤᠰ ᠤᠨ ᠲᠡᠮᠦᠷ ᠵᠠᠮ | ᠨᠡᠶᠢᠲᠡ 5.13 ᠳ᠋ᠦᠩᠰᠢᠭᠤᠷ ᠬᠥᠮᠥᠨ ᠤᠳᠠᠭ᠎ᠠ ᠶᠢᠨ ᠠᠶᠠᠨᠴᠢᠨ ᠵᠥᠭᠡᠭᠡᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠵᠦ᠂ | 5 ᠳ᠋ᠦᠩᠰᠢᠭᠤᠷ ᠬᠥᠮᠥᠨ ᠤᠳᠠᠭ᠎ᠠ ᠶᠢᠨ ᠶᠡᠭᠡ ᠪᠣᠭᠤᠮᠲᠠ ᠶᠢ ᠳᠠᠪᠠᠵᠤ᠂ ᠡᠳᠦᠷ ᠳᠤᠮᠳᠠᠴᠢ ᠪᠠᠷ 1386 ᠲᠦᠮᠡᠨ ᠬᠥᠮᠥᠨ ᠤᠳᠠᠭ᠎ᠠ ᠶᠢᠨ ᠠᠶᠠᠨᠴᠢᠳ | ᠵᠥᠭᠡᠭᠡᠪᠦᠷᠢᠯᠡᠵᠦ ᠪᠤᠢ᠃ | ᠤᠯᠤᠰ ᠤᠨ ᠲᠡᠮᠦᠷ ᠵᠠᠮ ᠤᠨ ᠪᠦᠯᠦᠭᠯᠡᠯ ᠤᠨ ᠲᠡᠭᠡᠭᠡᠪᠦᠷᠢ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠡᠨᠡ ᠵᠢᠯ ᠤᠨ | ᠵᠣᠨ ᠤ ᠠᠮᠠᠷᠠᠯᠲᠠ ᠶᠢᠨ ᠬᠤᠭᠤᠴᠠᠭᠠᠨ ᠤ ᠰᠤᠷᠤᠬᠴᠢ ᠶᠢᠨ ᠤᠷᠤᠰᠬᠠᠯ᠂ ᠵᠢᠭᠤᠯᠴᠢᠯᠠᠯ ᠤᠨ ᠤᠷᠤᠰᠬᠠᠯ᠂ ᠲᠥᠷᠥᠯ ᠰᠠᠳᠤᠨ ᠢᠶᠠᠨ ᠡᠷᠭᠢᠵᠦ ᠦᠵᠡᠬᠦ ᠤᠷᠤᠰᠬᠠᠯ ᠵᠡᠷᠭᠡ | ᠭᠠᠳᠠᠭᠰᠢ ᠭᠠᠷᠬᠤ ᠬᠡᠷᠡᠭᠴᠡᠭᠡ ᠶᠡᠭᠡ ᠪᠠᠷ ᠨᠡᠮᠡᠭᠳᠡᠵᠦ᠂ ᠲᠡᠮᠦᠷ ᠵᠠᠮ ᠤᠨ ᠠᠶᠠᠨᠴᠢᠳ ᠤᠨ ᠤᠷᠤᠰᠬᠠᠯ ᠤᠨ ᠥᠨᠳᠥᠷ ᠲᠦᠪᠰᠢᠨ ᠪᠦᠬᠦᠢ ᠠᠵᠢᠯᠯᠠᠭᠠᠨ ᠢ ᠪᠠᠲᠤᠯᠠᠵᠤ | ᠪᠠᠶᠢᠨ᠎ᠠ᠃ ᠲᠡᠮᠦᠷ ᠵᠠᠮ ᠤᠨ ᠰᠠᠯᠠᠭ᠎ᠠ ᠮᠥᠴᠢᠷ ᠤᠨ ᠬᠢᠨ ᠠᠶᠠᠨᠴᠢᠳ ᠤᠨ ᠵᠥᠭᠡᠭᠡᠪᠦᠷᠢ᠂ ᠪᠠᠷᠠᠭᠠᠨ ᠤ ᠲᠡᠭᠡᠭᠡᠪᠦᠷᠢ ᠪᠣᠯᠣᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ | ᠨᠠᠷᠢᠨ ᠬᠢᠨᠠᠮᠠᠭᠠᠢ ᠨᠢᠭᠡᠳᠦᠯᠲᠡᠢ ᠲᠥᠯᠥᠪᠵᠢᠭᠦᠯᠵᠦ᠂ ᠵᠣᠨ ᠤ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠵᠥᠭᠡᠭᠡᠪᠦᠷᠢ ᠶᠢᠨ ᠠᠵᠢᠯ ᠤᠨ ᠲᠥᠰᠥᠯ ᠢ ᠨᠠᠷᠢᠨ | ᠨᠢᠮᠪᠠᠢ ᠲᠣᠭᠲᠠᠭᠠᠵᠤ᠂ ᠵᠥᠭᠡᠭᠡᠪᠦᠷᠢ ᠶᠢᠨ ᠴᠢᠳᠠᠪᠤᠷᠢ ᠶᠢ ᠨᠡᠮᠡᠭᠳᠡᠭᠦᠯᠵᠦ᠂ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠠᠶᠠᠨᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠶᠠᠪᠤᠵᠤ ᠰᠠᠭᠤᠬᠤ ᠪᠠ ᠠᠵᠤ ᠠᠬᠤᠢ ᠶᠢᠨ ᠲᠣᠭᠲᠠᠭᠤᠨ ᠠᠵᠢᠯᠯᠠᠭᠠᠨ ᠳᠤ | ᠨᠠᠶᠢᠳᠠᠪᠤᠷᠢᠲᠠᠢ ᠪᠠᠲᠤᠯᠠᠭ᠎ᠠ ᠬᠠᠩᠭᠠᠬᠤ ᠪᠠᠷ ᠴᠢᠷᠮᠠᠶᠢᠪᠠ ᠭᠡᠵᠡᠢ᠃ | ᠠᠶᠠᠨᠴᠢᠳ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠭᠠᠳᠠᠭᠰᠢ ᠭᠠᠷᠬᠤ ᠶᠢ ᠪᠠᠲᠤᠯᠠᠬᠤ ᠶᠢᠨ ᠲᠥᠯᠥᠭᠡ᠂ ᠡᠯ᠎ᠡ ᠭᠠᠵᠠᠷ ᠤᠨ ᠲᠡᠮᠦᠷ ᠵᠠᠮ ᠤᠨ ᠰᠠᠯᠠᠭ᠎ᠠ | ᠮᠥᠴᠢᠷ ᠥᠷᠲᠡᠭᠡᠨ ᠤ ᠲᠡᠷᠭᠡᠨ ᠤ ᠦᠢᠯᠡᠴᠢᠯᠡᠭᠡ ᠶᠢ ᠴᠢᠩᠭᠠᠳᠬᠠᠵᠤ᠂ ᠲᠡᠮᠦᠷ ᠵᠠᠮ ᠤᠨ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ | ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠴᠢᠩᠭᠠᠳᠬᠠᠵᠤ᠂ ᠠᠶᠠᠨᠴᠢᠳ ᠤᠨ ᠭᠠᠳᠠᠭᠰᠢ ᠭᠠᠷᠬᠤ ᠳᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠪᠡ᠃ ᠤᠯᠤᠰ ᠤᠨ ᠲᠡᠮᠦᠷ ᠵᠠᠮ ᠤᠨ ᠯᠠᠨᠵᠧᠦ ᠶᠢᠨ ᠲᠣᠪᠴᠢᠶ᠎ᠠ ᠶᠢᠨ ᠪᠦᠯᠦᠭᠯᠡᠯ ᠺᠤᠮᠫᠠᠨᠢ ᠶᠢᠨ ᠢᠷᠭᠠᠢ ᠥᠷᠲᠡᠭᠡ ︽ᠰᠢᠶᠠᠩ ᠶᠠᠩ | ᠬᠤᠸᠠ︾ ᠦᠢᠯᠡᠴᠢᠯᠡᠭᠡᠨ ᠤ ᠲᠥᠷᠥᠯ ᠲᠡᠮᠳᠡᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠶᠠᠨᠴᠢᠳ ᠲᠤ ᠵᠠᠮ ᠬᠠᠷᠢᠯᠴᠠᠭ᠎ᠠ᠂ ᠠᠮᠲᠠᠲᠤ ᠢᠳᠡᠭᠡᠨ᠂ ᠬᠤᠨᠤᠭ ᠪᠠᠭᠤᠳᠠᠯ | ᠵᠡᠷᠭᠡ ᠶᠢᠨ ᠯᠠᠪᠯᠠᠭ᠎ᠠ ᠥᠭᠬᠦ ᠦᠢᠯᠡᠴᠢᠯᠡᠭᠡ ᠬᠠᠩᠭᠠᠵᠤ᠂ ᠠᠶᠠᠨᠴᠢᠳ ᠢ ᠬᠠᠪᠰᠤᠷᠤᠨ ᠲᠤᠬᠠᠢ ᠶᠢᠨ ᠭᠠᠵᠠᠷ ᠤᠨ ᠨᠤᠲᠤᠭ ᠤᠰᠤᠨ ᠤ ᠰᠣᠶᠣᠯ ᠢᠷᠭᠡᠨᠰᠢᠯ ᠢ ᠨᠠᠩ | ᠰᠠᠶᠢᠲᠤᠷ ᠣᠶᠢᠯᠠᠭᠠᠭᠤᠯᠵᠠᠶ; ᠤᠯᠤᠰ ᠤᠨ ᠲᠡᠮᠦᠷ ᠵᠠᠮ ᠤᠨ ᠴᠧᠩᠳᠦ᠋ ᠶᠢᠨ ᠲᠣᠪᠴᠢᠶᠠᠨ ᠤ ᠪᠦᠯᠦᠭᠯᠡᠯ ᠺᠤᠮᠫᠠᠨᠢ ᠪᠣᠯᠣᠨ ᠡᠮᠦᠨᠡᠲᠦ ᠣᠷᠣᠨ ᠤ ᠴᠠᠭᠢᠯᠭᠠᠨ | ᠲᠣᠣᠷ ᠤᠨ ᠭᠦᠢᠶᠠᠩ ᠤᠨ ᠴᠠᠭᠢᠯᠭᠠᠨ ᠬᠠᠩᠭᠠᠬᠤ ᠲᠣᠪᠴᠢᠶ᠎ᠠ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠭᠦᠢᠶᠠᠩ ᠤᠨ ᠬᠤᠶᠢᠲᠤ ᠦᠷᠲᠡᠭᠡ᠂ | ᠭᠦᠢᠶᠠᠩ ᠤᠨ ᠵᠡᠭᠦᠨ ᠦᠷᠲᠡᠭᠡ ᠵᠡᠷᠭᠡ ᠲᠦᠷᠭᠡᠨ ᠤ ᠲᠡᠮᠦᠷ ᠵᠠᠮ ᠤᠨ ᠬᠦᠢᠰᠦ ᠪᠠᠷᠢᠯᠭ᠎ᠠ ᠦᠷᠲᠡᠭᠡ ᠵᠢᠴᠢ ᠬᠠᠮᠢᠶᠠᠷᠤᠯᠲᠠ ᠶᠢᠨ ᠬᠡᠪᠴᠢᠶᠡᠨ ᠳᠠᠬᠢ ᠱᠠᠩᠬᠠᠢ ᠠᠴᠠ | ᠺᠦᠨᠮᠢᠩ ᠬᠦᠷᠬᠦ᠂ ᠭᠦᠢᠶᠠᠩ ᠠᠴᠠ ᠭᠤᠸᠠᠩᠵᠧᠦ ᠬᠦᠷᠬᠦ ᠵᠡᠷᠭᠡ ᠲᠦᠷᠭᠡᠨ ᠤ ᠲᠡᠮᠦᠷ ᠵᠠᠮ ᠳᠠᠭᠠᠤ ᠶᠢᠨ ᠴᠠᠭᠢᠯᠭᠠᠨ ᠬᠠᠩᠭᠠᠬᠤ ᠲᠥᠬᠦᠭᠡᠷᠦᠮᠵᠢ ᠳᠤ ᠠᠮᠤᠷ | ᠲᠦᠪᠰᠢᠨ ᠤ ᠲᠣᠭᠤᠷᠢᠨ ᠪᠠᠶᠢᠴᠠᠭᠠᠯᠲᠠ ᠥᠷᠨᠢᠭᠦᠯᠪᠡ; ᠤᠯᠤᠰ ᠤᠨ ᠲᠡᠮᠦᠷ ᠵᠠᠮ ᠤᠨ ᠵᠧᠩᠵᠧᠦ ᠶᠢᠨ ᠲᠣᠪᠴᠢᠶ᠎ᠠ ᠶᠢᠨ ᠪᠦᠯᠦᠭᠯᠡᠯ ᠺᠤᠮᠫᠠᠨᠢ ᠵᠧᠩᠵᠧᠦ ᠶᠢᠨ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠵᠡᠷᠭᠡ ᠣᠷᠣᠨ ᠨᠤᠲᠤᠭ ᠤᠨ ᠬᠤᠲᠠ ᠶᠢᠨ ᠶᠠᠪᠤᠳᠠᠯ ᠤᠨ ᠵᠠᠮ ᠬᠠᠷᠢᠯᠴᠠᠭᠠᠨ ᠤ ᠰᠠᠯᠠᠭ᠎ᠠ ᠮᠥᠴᠢᠷ ᠢ | ᠢᠳᠡᠪᠬᠢᠲᠡᠢ ᠵᠣᠬᠢᠴᠠᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ | ᠠᠶᠠᠨᠴᠢᠳ ᠤᠨ ᠭᠠᠳᠠᠭᠰᠢ ᠭᠠᠷᠬᠤ ︽ᠡᠴᠦᠰ ᠤᠨ ᠨᠢᠭᠡ ᠺᠢᠯᠣᠮᠧᠲᠷ︾ ᠲᠤ ᠲᠥᠭᠦᠮ ᠦᠵᠡᠭᠦᠯᠪᠡ᠃ | | ︵ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 7 ᠤ ᠴᠠᠭᠢᠯᠭᠠᠨ ᠮᠡᠳᠡᠭᠡ︶ | | |