ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠤᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ | ︽8000 ᠢᠯᠡᠭᠦᠦ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠬᠤ︾ ︽6000 ᠡᠷᠦᠭᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠰᠠᠭᠠᠳ | ᠦᠭᠡᠢ ᠪᠣᠯᠭᠠᠨ ᠥᠭᠡᠷᠡᠴᠢᠯᠡᠨ ᠰᠢᠨᠡᠳᠬᠡᠵᠦ᠂ ᠣᠶᠤᠨ ᠤᠬᠠᠭᠠᠨ᠂ ᠤᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ ᠵᠡᠮᠳᠡᠭ ᠪᠣᠯᠤᠭᠰᠠᠨ 6500 | ᠠᠵᠢᠯᠯᠠᠬᠤ ᠨᠠᠰᠤᠨ ᠤ ᠬᠥᠮᠥᠰ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠬᠤ︾ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ | ᠲᠠᠩᠰᠠ ᠳᠤ ᠰᠡᠳᠬᠢᠯ ᠲᠠᠯᠪᠢᠨ ᠬᠦᠴᠦ ᠣᠷᠣᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠵᠤ᠂ ᠪᠦᠭᠦ ᠣᠷᠣᠨ ᠤ ᠵᠡᠮᠳᠡᠭᠴᠦᠳ ᠤᠨ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠪᠤᠢ᠃ | ᠵᠡᠮᠳᠡᠭᠴᠦᠳ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠣᠷᠣᠨ ᠢ ᠰᠠᠭᠠᠳ ᠦᠭᠡᠢ | ᠪᠣᠯᠭᠠᠨ ᠥᠭᠡᠷᠡᠴᠢᠯᠡᠨ ᠰᠢᠨᠡᠳᠬᠡᠬᠦ ᠠᠵᠢᠯ ᠢ ᠨᠠᠶᠢᠳᠠᠪᠤᠷᠢᠵᠢᠭᠤᠯᠪᠠ᠃ 6 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ 6384 ᠵᠡᠮᠳᠡᠭᠴᠦᠳ ᠲᠤ ᠰᠢᠨ᠎ᠡ ᠪᠠᠷ | ᠠᠵᠢᠯ ᠣᠯᠭᠤᠵᠤ᠂ ᠶᠡᠷᠦᠩᠬᠡᠢ ᠡᠭᠦᠷᠭᠡ ᠶᠢᠨ 79.8% ᠶᠢ ᠪᠡᠶᠡᠯᠡᠭᠦᠯᠪᠡ᠃ ᠵᠡᠮᠳᠡᠭᠴᠦᠳ ᠲᠤ ᠠᠵᠢᠯ ᠣᠯᠭᠤᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ | ᠲᠥᠰᠥᠯ ᠢ ᠦᠷᠭᠦᠯᠵᠢᠯᠡᠨ ᠬᠡᠷᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠲᠦᠷᠦᠭᠦᠯᠡᠨ ᠵᠡᠮᠳᠡᠭᠴᠦᠳ ᠲᠤ ᠠᠵᠢᠯ ᠣᠯᠭᠤᠬᠤ ᠶᠢ ᠠᠬᠢᠭᠤᠯᠵᠤ᠂ ᠨᠡᠶᠢᠲᠡ 2381 ᠬᠥᠮᠥᠨ ᠢ ᠲᠥᠪᠬᠢᠨᠡᠭᠦᠯᠪᠡ᠃ ᠡᠭᠦᠨ ᠤ ᠬᠠᠮᠲᠤ ᠠᠵᠢᠯᠴᠢᠨ | ᠬᠡᠷᠡᠭᠯᠡᠬᠦ ᠠᠵᠤ ᠠᠬᠤᠶᠢᠯᠠᠯ ᠪᠠ ᠨᠥᠬᠦᠴᠡᠯ ᠳᠤ ᠨᠡᠶᠢᠴᠡᠬᠦ ᠵᠡᠮᠳᠡᠭᠴᠦᠳ ᠢ ᠵᠣᠯᠭᠠᠭᠤᠯᠵᠤ᠂ ᠳᠡᠭᠡᠷ᠎ᠡ ᠬᠠᠭᠠᠰ ᠵᠢᠯ ᠳᠤ ᠵᠡᠮᠳᠡᠭᠴᠦᠳ ᠲᠤ ᠨᠡᠶᠢᠲᠡ 6890 | ᠠᠵᠢᠯ ᠤᠨ ᠪᠠᠶᠢᠷᠢ ᠬᠠᠩᠭᠠᠪᠠ᠃ ᠵᠡᠮᠳᠡᠭᠴᠦᠳ ᠲᠤ ᠬᠠᠨᠳᠤᠭᠤᠯᠤᠭᠰᠠᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ᠂ ᠠᠵᠢᠯ ᠤᠨ ᠪᠠᠶᠢᠷᠢ ᠶᠢᠨ ᠬᠠᠩᠭᠠᠯᠭ᠎ᠠ | ᠬᠡᠷᠡᠭᠴᠡᠭᠡ ᠶᠢᠨ ᠠᠭᠤᠯᠵᠠᠯᠲᠠ ᠵᠡᠷᠭᠡ ᠠᠵᠢᠯᠯᠠᠭ᠎ᠠ ᠶᠢ 89 ᠤᠳᠠᠭ᠎ᠠ ᠥᠷᠨᠢᠭᠦᠯᠵᠦ᠂ 449 ᠵᠡᠮᠳᠡᠭᠴᠦᠳ ᠢ ᠬᠠᠪᠰᠤᠷᠤᠨ ᠠᠵᠢᠯ ᠣᠯᠭᠤᠪᠠ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠵᠡᠮᠳᠡᠭ ᠣᠶᠤᠲᠠᠳ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 752 | ᠵᠡᠮᠳᠡᠭ ᠣᠶᠤᠲᠠᠳ ᠲᠤ ᠵᠣᠷᠢᠭᠤᠯᠤᠨ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ | ᠠᠵᠢᠯᠯᠠᠭ᠎ᠠ ᠶᠢ ᠥᠷᠨᠢᠭᠦᠯᠵᠦ᠂ ᠦᠢᠯᠡᠴᠢᠯᠡᠭᠡᠨ ᠤ ᠨᠣᠷᠮ᠎ᠠ ᠨᠢ 100% ᠳᠤ ᠬᠦᠷᠴᠦ᠂ 276 ᠬᠥᠮᠥᠨ ᠳᠤ ᠠᠵᠢᠯ ᠣᠯᠭᠤᠵᠤ᠂ ᠠᠵᠢᠯ ᠣᠯᠭᠤᠯᠲᠠ ᠶᠢᠨ ᠨᠣᠷᠮ᠎ᠠ | 36.68% ᠳᠤ ᠭᠦᠷᠪᠡ; 6 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠣᠷᠣᠨ ᠢ ᠰᠠᠭᠠᠳ ᠦᠭᠡᠢ | ᠪᠣᠯᠭᠠᠨ ᠥᠭᠡᠷᠡᠴᠢᠯᠡᠨ ᠰᠢᠨᠡᠳᠬᠡᠬᠦ ᠲᠠᠯ᠎ᠠ ᠪᠠᠷ ᠨᠡᠶᠢᠲᠡ 1997 ᠡᠷᠦᠭᠡ ᠶᠢ ᠥᠭᠡᠷᠡᠴᠢᠯᠡᠨ ᠰᠢᠨᠡᠳᠬᠡᠵᠦ᠂ ᠶᠡᠷᠦᠩᠬᠡᠢ ᠡᠭᠦᠷᠭᠡ ᠶᠢᠨ 33.3% ᠶᠢ ᠪᠡᠶᠡᠯᠡᠭᠦᠯᠪᠡ; | ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠰᠣᠯᠪᠢᠴᠠᠵᠤ ᠬᠠᠷᠢᠯᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠡᠯ᠎ᠡ ᠠᠶᠢᠮᠠᠭ | ᠬᠤᠲᠠ ᠶᠢᠨ ᠵᠡᠮᠳᠡᠭᠴᠦᠳ ᠤᠨ ᠬᠤᠯᠪᠤᠭ᠎ᠠ ᠶᠢ ᠵᠣᠬᠢᠶᠠᠨ ᠪᠠᠶᠢᠭᠤᠯᠵᠤ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠰᠣᠯᠪᠢᠴᠠᠵᠤ | ᠬᠠᠷᠢᠯᠴᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠵᠦ᠂ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠦᠴᠢᠷᠳᠡᠯᠲᠡᠢ ᠬᠦᠨᠳᠦ | ᠵᠡᠮᠳᠡᠭᠴᠦᠳ ᠤᠨ ᠭᠡᠷ ᠣᠷᠣᠨ ᠢ ᠰᠠᠭᠠᠳ ᠦᠭᠡᠢ ᠪᠣᠯᠭᠠᠨ ᠥᠭᠡᠷᠡᠴᠢᠯᠡᠨ ᠰᠢᠨᠡᠳᠬᠡᠬᠦ ᠠᠵᠢᠯ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢᠶᠠᠨ | ᠬᠠᠷᠢᠯᠴᠠᠨ ᠰᠤᠷᠤᠯᠴᠠᠬᠤ ᠶᠢᠨ ᠬᠠᠮᠲᠤ ᠬᠠᠷᠢᠯᠴᠠᠨ ᠪᠠᠶᠢᠴᠠᠭᠠᠬᠤ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠠᠰᠠᠭᠤᠳᠠᠯ ᠤᠨ ᠨᠠᠷᠢᠨ ᠲᠠᠩᠰᠠ | ᠪᠠᠶᠢᠭᠤᠯᠵᠤ᠂ ᠤᠳᠤ ᠨᠢᠭᠡᠨᠲᠡ ᠪᠦᠭᠦᠨ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠪᠠ᠃ | ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠨᠠᠶᠢᠳᠠᠨ ᠠᠰᠠᠷᠠᠭᠤᠯᠬᠤ ᠦᠢᠯᠡᠴᠢᠯᠡᠭᠡ ᠬᠠᠩᠭᠠᠵᠤ᠂ ᠨᠥᠬᠦᠴᠡᠯ ᠳᠤ ᠨᠡᠶᠢᠴᠡᠬᠦ ᠴᠠᠭᠠᠨ ᠬᠠᠷᠠᠩ ᠲᠠᠢ | ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ ᠥᠭᠪᠡ᠃ ᠳᠡᠭᠡᠷ᠎ᠡ ᠬᠠᠭᠠᠰ ᠵᠢᠯ ᠳᠤ ᠪᠦᠭᠦ ᠣᠷᠣᠨ ᠤ | ᠨᠥᠬᠦᠴᠡᠯ ᠳᠤ ᠨᠡᠶᠢᠴᠡᠬᠦ 4006 ᠣᠶᠤᠨ ᠤᠬᠠᠭᠠᠨ᠂ ᠣᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ ᠵᠡᠮᠳᠡᠭ ᠬᠥᠮᠥᠰ ᠲᠤ ᠨᠠᠶᠢᠳᠠᠨ ᠠᠰᠠᠷᠠᠭᠤᠯᠬᠤ | ᠦᠢᠯᠡᠴᠢᠯᠡᠭᠡ ᠥᠷᠨᠢᠭᠦᠯᠵᠦ᠂ ᠶᠡᠷᠦᠩᠬᠡᠢ ᠡᠭᠦᠷᠭᠡ ᠶᠢᠨ 61.6% ᠶᠢ ᠪᠡᠶᠡᠯᠡᠭᠦᠯᠪᠡ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠦᠨᠳᠦ | ᠵᠡᠮᠳᠡᠭᠴᠦᠳ ᠢ ᠨᠠᠶᠢᠳᠠᠨ ᠠᠰᠠᠷᠠᠭᠤᠯᠬᠤ ᠪᠠ ᠨᠠᠰᠤᠨ ᠳᠤ ᠭᠦᠷᠦᠭᠰᠡᠨ ᠵᠡᠮᠳᠡᠭᠴᠦᠳ ᠢ ᠬᠠᠷᠠᠭᠠᠯᠵᠠᠨ ᠬᠠᠮᠠᠭᠠᠯᠠᠬᠤ ᠶᠢ ᠮᠤᠵᠢ ᠠᠯᠤᠰᠯᠠᠨ ᠪᠠᠶᠢᠴᠠᠭᠠᠬᠤ ᠠᠵᠢᠯ ᠢ | ᠥᠷᠨᠢᠭᠦᠯᠪᠡ᠃ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠨᠥᠬᠦᠪᠦᠷᠢ ᠶᠢᠨ ᠳᠦᠷᠢᠮ ᠢ ᠬᠡᠷᠡᠭᠵᠢᠭᠦᠯᠵᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠵᠡᠷᠭᠡ ᠳᠡᠰ ᠢ ᠦᠨᠡᠯᠡᠨ ᠲᠣᠭᠲᠠᠭᠠᠬᠤ ᠠᠵᠢᠯ ᠢ ᠤᠳᠤ ᠶᠠᠭ ᠰᠠᠶ᠋ᠢᠬᠠᠨ ᠥᠷᠨᠢᠭᠦᠯᠵᠦ ᠪᠠᠶᠢᠨ᠎ᠠ᠃ ᠥᠪᠥᠷ ᠮᠣᠩᠭᠤᠯ ᠤᠨ | ᠬᠠᠷᠠᠭ᠎ᠠ ᠠᠯᠳᠠᠭᠰᠠᠳ ᠤᠨ ᠢᠯᠢᠯᠭᠡ ᠶᠢᠨ ᠡᠮᠨᠡᠯᠭᠡ ᠶᠢᠨ ᠬᠤᠷᠢᠶ᠎ᠠ ᠶᠢᠨ ᠲᠥᠷᠥᠯ ᠵᠦᠢᠯ ᠪᠠ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠢ | ᠬᠢᠨᠠᠨ ᠵᠥᠪᠯᠡᠵᠦ ᠪᠠᠲᠤᠯᠠᠭᠠᠳ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠠᠭᠤᠴᠢᠨ ᠪᠠᠭᠤᠷᠢ ᠶᠢ ᠥᠭᠡᠷᠡᠴᠢᠯᠡᠨ ᠪᠠᠶᠢᠭᠤᠯᠵᠤ᠂ | ᠨᠠᠶᠢᠳᠠᠨ ᠠᠰᠠᠷᠠᠭᠤᠯᠬᠤ ᠲᠥᠪ ᠤᠨ ᠲᠥᠷᠥᠯ ᠵᠦᠢᠯ ᠢ ᠥᠪᠥᠷ ᠮᠣᠩᠭᠤᠯ ᠤᠨ ᠬᠠᠷᠠᠭ᠎ᠠ ᠠᠯᠳᠠᠭᠰᠠᠳ ᠤᠨ ᠢᠯᠢᠯᠭᠡ ᠶᠢᠨ ᠡᠮᠨᠡᠯᠭᠡ ᠶᠢᠨ ᠬᠤᠷᠢᠶ᠎ᠠ ᠶᠢᠨ ᠲᠥᠷᠥᠯ | ᠵᠦᠢᠯ ᠯᠦᠭᠡ ᠨᠢᠭᠡᠳᠦᠯᠲᠡᠢ ᠲᠥᠯᠥᠪᠯᠡᠨ ᠪᠠᠶᠢᠷᠢᠰᠢᠭᠤᠯᠵᠤ᠂ ᠨᠢᠭᠡ ᠴᠣᠭᠴᠠᠵᠢᠭᠤᠯᠤᠨ ᠪᠦᠲᠦᠭᠡᠨ ᠪᠠᠶᠢᠭᠤᠯᠵᠤ ᠪᠤᠢ; ᠴᠠᠭᠠᠨ ᠬᠠᠷᠠᠩ ᠲᠠᠢ ᠡᠪᠡᠳᠴᠢᠲᠡᠨ ᠳᠤ | ᠬᠠᠷᠠᠭ᠎ᠠ ᠣᠷᠣᠭᠤᠯᠬᠤ ᠮᠡᠰᠡ ᠵᠠᠰᠠᠯ ᠬᠢᠬᠦ ᠠᠵᠢᠯ ᠤᠨ ᠬᠤᠪᠢ ᠳᠤ᠂ 6 ᠰᠠᠷ᠎ᠠ ᠶᠢᠨ ᠰᠡᠭᠦᠯᠴᠢ ᠪᠤᠯᠲᠠᠯ᠎ᠠ᠂ ᠰᠡᠵᠢᠭᠯᠡᠯᠲᠡᠢ ᠡᠪᠡᠳᠴᠢᠲᠡᠨ ᠢ 5860 ᠬᠥᠮᠥᠨ ᠤᠳᠠᠭ᠎ᠠ | ᠰᠢᠭᠰᠢᠨ ᠪᠠᠶᠢᠴᠠᠭᠠᠵᠤ᠂ 597 ᠴᠠᠭᠠᠨ ᠬᠠᠷᠠᠩ ᠲᠠᠢ ᠡᠪᠡᠳᠴᠢᠲᠡᠨ ᠳᠤ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠵᠢᠯ ᠤᠨ ᠶᠡᠷᠦᠩᠬᠡᠢ ᠡᠭᠦᠷᠭᠡ ᠶᠢᠨ 29. | 9% ᠶᠢ ᠪᠡᠶᠡᠯᠡᠭᠦᠯᠪᠡ᠃ ︽︿ᠶᠡᠭᠡ ᠬᠠᠶᠢᠷ᠎ᠠ ᠶᠢᠨ ᠤᠮᠠᠷᠠᠲᠤ ᠬᠢᠯᠢ·ᠡᠷᠡᠭᠦᠯᠵᠢᠬᠦ ᠬᠦᠰᠡᠯ ᠢᠶᠠᠨ ᠲᠡᠷᠭᠡᠯᠰᠢᠭᠦᠯᠬᠦ﹀ ᠬᠢᠯᠢ ᠬᠢᠵᠠᠭᠠᠷ ᠣᠷᠣᠨ ᠤ ᠴᠠᠭᠠᠨ ᠬᠠᠷᠠᠩ ᠲᠠᠢ | ᠡᠪᠡᠳᠴᠢᠲᠡᠨ ᠢ ᠠᠪᠤᠷᠠᠨ ᠲᠤᠰᠠᠯᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ ᠲᠠᠷᠬᠠᠭᠠᠵᠤ᠂ ᠦᠢᠯᠡᠴᠢᠯᠡᠭᠡ ᠬᠤᠳᠠᠯᠳᠤᠨ ᠠᠪᠬᠤ ᠪᠠᠷ | ᠳᠠᠮᠵᠢᠭᠤᠯᠤᠨ ᠥᠪᠥᠷ ᠮᠣᠩᠭᠤᠯ ᠤᠨ ᠴᠤᠤ ᠵᠢᠦᠢ ᠨᠢᠳᠦᠨ ᠤ ᠰᠠᠯᠠᠭᠠᠨ ᠤ ᠡᠮᠨᠡᠯᠭᠡ ᠶᠢᠨ ᠬᠤᠷᠢᠶ᠎ᠠ ᠳᠤ ᠨᠠᠶᠢᠳᠠᠵᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ | ᠪᠠ ᠬᠢᠯᠢ ᠬᠢᠵᠠᠭᠠᠷ ᠤᠨ ᠬᠤᠰᠢᠭᠤ ᠬᠤᠲᠠ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠣᠷᠣᠨ ᠤ ᠴᠠᠭᠠᠨ ᠬᠠᠷᠠᠩ ᠲᠠᠢ ᠡᠪᠡᠳᠴᠢᠲᠡᠨ ᠳᠤ | ᠬᠠᠷᠠᠭ᠎ᠠ ᠣᠷᠣᠭᠤᠯᠬᠤ ᠮᠡᠰᠡ ᠵᠠᠰᠠᠯ ᠬᠢᠯᠭᠡᠪᠡ᠃ | ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠬᠠᠤᠯᠢᠵᠢᠯ ᠤᠨ ᠪᠠᠶᠢᠭᠤᠯᠤᠯᠲᠠ ᠵᠡᠷᠭᠡ ᠲᠠᠯ᠎ᠠ | ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠵᠡᠮᠳᠡᠭ ᠤᠯᠠᠨ ᠲᠦᠮᠡᠨ ᠳᠤ ᠦᠨᠳᠦᠰᠦᠨ ᠪᠠᠲᠤᠯᠠᠭ᠎ᠠ ᠬᠠᠩᠭᠠᠪᠠ᠃ ︽ᠬᠤᠶᠠᠷ ᠵᠦᠢᠯ ᠤᠨ ᠨᠥᠬᠦᠪᠦᠷᠢ︾ ᠶᠢ ᠬᠥᠮᠥᠨ | ᠪᠦᠷᠢ ᠰᠠᠷ᠎ᠠ ᠳᠤ 100 ᠲᠥᠭᠦᠷᠢᠭ ᠭᠦᠷᠳᠡᠭᠦ ᠪᠠᠶᠢᠭᠰᠠᠨ ᠠᠴᠠ ᠬᠥᠮᠥᠨ ᠪᠦᠷᠢ ᠰᠠᠷ᠎ᠠ ᠳᠤ 125 ᠲᠥᠭᠦᠷᠢᠭ ᠭᠦᠷᠲᠡᠭᠦ ᠪᠣᠯᠭᠠᠨ ᠳᠡᠭᠡᠭᠰᠢᠯᠡᠭᠦᠯᠪᠡ; | ᠵᠡᠮᠳᠡᠭᠴᠦᠳ ᠢ ᠡᠷᠡᠭᠦᠯᠵᠢᠭᠦᠯᠬᠦ ᠦᠢᠯᠡᠴᠢᠯᠡᠭᠡᠨ ᠤ ᠬᠤᠪᠢ ᠳᠤ᠂ ᠪᠦᠭᠦ ᠣᠷᠣᠨ ᠤ 16209 ᠵᠡᠮᠳᠡᠭᠴᠦᠳ ᠦᠨᠳᠦᠰᠦᠨ ᠡᠷᠡᠭᠦᠯᠵᠢᠯ ᠤᠨ ᠦᠢᠯᠡᠴᠢᠯᠡᠭᠡ ᠬᠦᠷᠲᠡᠵᠦ᠂ | ᠡᠭᠦᠨ ᠳᠤ 8429 ᠵᠡᠮᠳᠡᠭᠴᠦᠳ ᠦᠨᠳᠦᠰᠦᠨ ᠭᠡᠯᠪᠡᠷᠢ ᠶᠢᠨ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠦᠢᠯᠡᠴᠢᠯᠡᠭᠡ ᠬᠦᠷᠲᠡᠵᠦ᠂ 3950 ᠵᠡᠮᠳᠡᠭ ᠬᠡᠦᠬᠡᠳ | ᠡᠷᠡᠭᠦᠯᠵᠢᠯ ᠤᠨ ᠠᠪᠤᠷᠠᠨ ᠲᠤᠰᠠᠯᠠᠯᠲᠠ ᠭᠦᠷᠳᠡᠪᠡ; ᠵᠡᠮᠳᠡᠭᠴᠦᠳ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠨᠴᠠᠭᠠᠶ ᠰᠤᠷᠭᠠᠨ ᠬᠥᠮᠦᠵᠢᠯ ᠢ ᠬᠥᠭᠵᠢᠭᠦᠯᠦᠨ ᠳᠡᠭᠡᠭᠰᠢᠯᠡᠭᠦᠯᠭᠦ | ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾ ᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ᠂ ᠵᠡᠮᠳᠡᠭ ᠪᠠᠭᠠᠴᠤᠳ | ᠬᠡᠦᠬᠡᠳ ᠲᠤ ᠲᠣᠬᠢᠷᠠᠬᠤ ᠡᠯ᠎ᠡ ᠵᠦᠢᠯ ᠤᠨ ᠭᠡᠯᠪᠡᠷᠢ ᠶᠢᠨ ᠰᠤᠷᠭᠠᠨ ᠬᠥᠮᠦᠵᠢᠯ ᠢ ᠲᠣᠬᠢᠷᠠᠭᠤᠯᠵᠤ᠂ ᠵᠡᠮᠳᠡᠭ ᠪᠠᠭᠠᠴᠤᠳ ᠬᠡᠦᠬᠡᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ ᠶᠢ 97% ᠳᠤ ᠭᠦᠷᠦᠭᠦᠯᠪᠡ; ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ | ᠪᠠᠶᠠᠯᠢᠭᠵᠢᠭᠤᠯᠵᠤ᠂ 10 ᠦᠨᠳᠦᠰᠦᠨ ᠱᠠᠲᠤᠨ ᠤ ᠵᠡᠮᠳᠡᠭᠴᠦᠳ ᠤᠨ ᠰᠣᠶᠣᠯ ᠤᠨ ᠲᠥᠪ ᠪᠠ ᠡᠷᠡᠭᠦᠯᠵᠢᠭᠦᠯᠬᠦ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠭᠦ | ᠴᠡᠭ ᠤᠨ ᠪᠠᠶᠢᠭᠤᠯᠤᠯᠲᠠ ᠶᠢ ᠲᠡᠳᠬᠦᠵᠦ᠂ ᠵᠡᠮᠳᠡᠭᠴᠦᠳ ᠤᠨ ᠰᠣᠶᠣᠯ ᠤᠨ ᠭᠠᠷᠠᠭ ᠤᠨ ᠠᠵᠢᠯᠯᠠᠭ᠎ᠠ ᠵᠢᠴᠢ ︽ᠶᠡᠭᠡ ᠬᠠᠶᠢᠷ᠎ᠠ ᠶᠢᠨ ᠤᠮᠠᠷᠠᠲᠤ ᠬᠢᠯᠢ·ᠰᠡᠳᠬᠢᠯ ᠤᠨ | ᠰᠣᠨᠣᠰᠬᠠᠯ︾ ᠲᠤᠰᠬᠠᠢ ᠲᠦᠷᠦᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠬᠦ ᠶᠢᠨ ᠬᠠᠮᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠩᠬᠠᠳᠤᠭᠠᠷ ᠬᠤᠭᠤᠴᠠᠭᠠᠨ ᠤ ᠵᠡᠮᠳᠡᠭᠴᠦᠳ ᠤᠨ ᠤᠷᠠᠯᠢᠭ ᠤᠨ ᠨᠠᠶᠢᠷ ᠤᠨ ᠰᠢᠷᠢᠰ ᠠᠵᠢᠯᠯᠠᠭ᠎ᠠ ᠡᠷᠭᠢᠯᠡᠪᠡ᠃ ᠰᠢᠯᠢᠳᠡᠭ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ | ᠬᠥᠮᠥᠵᠢᠭᠦᠯᠵᠦ ᠰᠢᠯᠢᠨ ᠳᠡᠪᠰᠢᠭᠦᠯᠬᠦ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠦᠨᠳᠦ ᠶᠢ ᠡᠷᠭᠦᠬᠦ ᠰᠠᠭᠤᠷᠢᠨ ᠢ | ᠪᠠᠶᠢᠭᠤᠯᠬᠤ ᠪᠠᠷ ᠲᠥᠯᠥᠪᠯᠡᠵᠦ᠂ ᠥᠪᠥᠷ ᠮᠣᠩᠭᠤᠯ ᠳᠤ ᠤᠯᠤᠰ ᠤᠨ ᠲᠠᠰ ᠤᠨ ᠵᠡᠮᠳᠡᠭᠴᠦᠳ ᠤᠨ ᠮᠥᠰᠥ ᠴᠠᠰᠤᠨ ᠤ ᠪᠣᠯᠪᠠᠰᠤᠷᠠᠯ ᠤᠨ ᠰᠠᠭᠤᠷᠢᠨ ᠢ ᠪᠠᠶᠢᠭᠤᠯᠬᠤ | ᠪᠠᠷ ᠲᠥᠯᠥᠪᠯᠡᠵᠦ ᠪᠤᠢ᠃ | | |