1000 ᠮᠦ ᠶᠢᠨ ᠰᠢᠯᠢᠮᠳᠡᠭ ᠤᠨ ᠴᠡᠴᠡᠭ ᠤᠨ ᠲᠠᠷᠢᠮᠠᠯ ᠤᠨ ᠬᠦᠷᠢᠶᠡᠯᠡᠩ ᠵᠢᠭᠤᠯᠴᠢᠯᠠᠬᠰᠠᠳ ᠤᠨ ᠪᠠᠶᠠᠰᠤᠯ ᠢᠶᠠᠷ ᠳᠦᠭᠦᠷᠦᠨ᠎ᠡ
ᠨᠡᠶᠢᠲᠡᠯᠡᠭᠰᠡᠨ ᠴᠠᠭ᠄
2024/8/9
      8 ᠰᠠᠷ᠎ᠠ ᠶᠢᠨ 6 ᠤ ᠡᠳᠦᠷ᠂ ᠪᠠᠶᠠᠨᠨᠠᠭᠤᠷ ᠬᠤᠲᠠ ᠶᠢᠨ ᠤᠷᠠᠳ ᠤᠨ ᠲᠤᠮᠳᠠᠳᠤ ᠬᠤᠰᠢᠭᠤᠨ ᠤ ᠰᠢᠬ᠎ᠠ ᠶᠢᠨ ᠭᠤᠣᠯ ᠪᠠᠯᠭᠠᠰᠤᠨ ᠤ 1000 ᠮᠦ ᠶᠢᠨ ᠰᠢᠯᠢᠮᠳᠡᠭ ᠤᠨ ᠴᠡᠴᠡᠭ ᠤᠨ ᠲᠠᠷᠢᠮᠠᠯ ᠤᠨ ᠬᠦᠷᠢᠶᠡᠯᠡᠩ ᠳᠤ ᠬᠦᠷᠬᠦ ᠳᠤ᠂ ᠠᠯᠲᠠᠨ ᠰᠢᠷᠭᠠᠯ ᠰᠢᠯᠢᠮᠳᠡᠭ ᠤᠨ ᠴᠡᠴᠡᠭ ᠲᠠᠯ᠎ᠠ ᠳᠦᠭᠦᠷᠡᠩ ᠪᠠᠳᠠᠷᠠᠨ ᠳᠡᠯᠭᠡᠷᠡᠵᠦ᠂ ᠬᠥᠬᠡ ᠣᠭᠲᠠᠷᠭᠤᠢ ᠴᠠᠭᠠᠨ ᠡᠭᠦᠯᠡ ᠲᠠᠢ ᠥᠩᠭᠡ ᠢᠯᠭᠠᠷᠠᠨ ᠬᠠᠷᠠᠭᠳᠠᠨ᠎ᠠ᠃ ᠵᠢᠭᠤᠯᠴᠢᠯᠠᠬᠰᠠᠳ ᠭᠡᠳᠦ ᠭᠡᠳᠦ ᠪᠠᠷ ᠢᠶᠠᠨ ᠴᠡᠴᠡᠭ ᠤᠨ ᠳᠤᠮᠳᠠ ᠠᠯᠬᠤᠯᠠᠨ᠂ ᠭᠡᠷ ᠤᠨ ᠬᠥᠮᠥᠨ᠂ ᠨᠠᠶᠢᠵᠠ ᠨᠥᠬᠦᠳ ᠲᠠᠢ ᠪᠠᠨ ᠬᠠᠮᠲᠤ ᠭᠡᠷᠡᠯ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ ᠪᠠᠶᠢᠯ᠎ᠠ᠃ ᠡᠨᠡ ᠵᠢᠯ᠂ ᠲᠤᠰ ᠪᠠᠯᠭᠠᠰᠤ ᠨᠡᠶᠢᠲᠡ 3 ᠲᠦᠮᠡᠨ ᠮᠦ ᠰᠢᠯᠢᠮᠳᠡᠭ ᠤᠨ ᠴᠡᠴᠡᠭ ᠲᠠᠷᠢᠵᠤ᠂ ᠣᠳᠣᠬᠠᠨ ᠪᠤᠯᠲᠠᠯ᠎ᠠ 8000 ᠭᠠᠷᠤᠢ ᠵᠢᠭᠤᠯᠴᠢᠯᠠᠭᠴᠢ ᠶᠢ ᠭᠥᠯᠢᠶᠡᠨ ᠠᠪᠴᠤ᠂ 1.5 ᠲᠦᠮᠡᠨ ᠲᠥᠭᠦᠷᠢᠭ ᠤᠨ ᠵᠢᠭᠤᠯᠴᠢᠯᠠᠯ ᠤᠨ ᠶᠡᠷᠦᠩᠬᠡᠢ ᠤᠷᠤᠯᠭ᠎ᠠ ᠶᠢ ᠡᠭᠦᠳᠴᠡᠢ᠃
QQ图片20240809195356.jpg
      ᠵᠢᠷᠤᠭ ᠪᠣᠯ ᠵᠢᠭᠤᠯᠴᠢᠯᠠᠭᠴᠢᠳ ᠰᠢᠯᠢᠮᠳᠡᠭ ᠤᠨ ᠴᠡᠴᠡᠭ ᠤᠨ ᠳᠤᠮᠳᠠ ᠵᠢᠷᠤᠭ ᠲᠠᠲᠠᠭᠤᠯᠤᠨ ᠳᠤᠷᠠᠰᠬᠠᠯ ᠦᠯᠡᠳᠡᠭᠡᠵᠦ ᠪᠠᠶᠢᠭ᠎ᠠ ᠨᠢ᠃                       ᠲᠤᠰ ᠰᠣᠨᠢᠨ ᠤ ᠰᠤᠷᠪᠤᠯᠵᠢᠯᠠᠬᠴᠢ ᠲᠡᠭᠦᠰᠪᠢᠯᠢᠭ ᠰᠡᠭᠦᠳᠡᠷᠯᠡᠪᠡ
ᠢᠷᠡᠯᠲᠡ᠄ ᠳᠤᠮᠳᠠᠲᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ