ᠭᠤᠣᠯ ᠡᠭᠦᠷᠭᠡ ᠬᠠᠷᠢᠭᠤᠴᠠᠯᠭ᠎ᠠ | 1. ᠵᠠᠮ ᠲᠡᠭᠡᠭᠡᠪᠦᠷᠢ ᠶᠢᠨ ᠲᠤᠬᠠᠶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ | ᠪᠠᠷᠢᠮᠵᠢᠶ᠎ᠠ ᠪᠣᠯᠤᠨ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠬᠠᠮᠢᠶ᠎ᠠ ᠪᠦᠬᠦᠢ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ | ᠣᠷᠣᠯᠴᠠᠨ᠎ᠠ᠃ ᠬᠠᠮᠢᠶ᠎ᠠ ᠪᠦᠬᠦᠢ ᠪᠦᠷᠢᠳᠬᠡᠨ ᠵᠠᠳᠠᠯᠬᠤ ᠠᠵᠢᠯ ᠢ ᠡᠭᠦᠷᠭᠡᠯᠡᠨ᠎ᠡ᠃ | 2. ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠬᠠᠮᠢᠶ᠎ᠠ ᠪᠦᠬᠦᠢ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠪᠡᠯᠡ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ | ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠬᠠᠷᠭᠤᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 3. ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠲᠣᠭᠲᠠᠭᠠᠭᠰᠠᠨ ᠡᠷᠬᠡ ᠮᠡᠳᠡᠯ | ᠶᠣᠰᠣᠭᠠᠷ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠪᠠ ᠰᠦᠶᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶ᠎ᠠ ᠪᠥᠬᠦᠶ | ᠵᠦᠶᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠶᠢᠯᠡᠴᠢᠯᠡᠭᠡ ᠵᠡᠷᠭᠡ ᠠᠵᠢᠯ ᠢ ᠵᠢᠯᠣᠭᠤᠳᠤᠨ᠎ᠠ᠃ | ᠰᠢᠶᠠᠨ ᠰᠢᠶᠠᠩ ᠤᠨ ᠵᠠᠰᠠᠮᠠᠯ ᠵᠠᠮ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠳᠠᠭᠠᠭᠠᠨ ᠡᠷᠬᠢᠯᠡᠨ᠎ᠡ᠃ | 4. ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠳᠤ ᠬᠢᠨᠠᠯᠲᠠ | ᠲᠠᠯᠪᠢᠨ ᠵᠢᠯᠣᠭᠤᠳᠴᠤ᠂ ᠲᠣᠭᠲᠠᠭᠠᠭᠰᠠᠨ ᠡᠷᠬᠡ ᠶᠢᠨ ᠬᠢᠵᠠᠭᠠᠷ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠢᠯ ᠤᠨ | ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠶᠢᠨ ᠪᠠᠶᠢᠭᠤᠯᠤᠭᠰᠠᠨ ᠦᠨ᠎ᠡ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 5. ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠮ ᠤᠰᠤᠨ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ ᠬᠤᠲᠠ ᠶᠢᠨ | ᠨᠡᠶᠢᠲᠡ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠭᠠᠷᠠᠮ ᠢ ᠠᠷᠠᠴᠢᠯᠠᠨ ᠬᠠᠮᠠᠭᠠᠯᠠᠬᠤ ᠶᠢ ᠵᠢᠯᠣᠭᠤᠳᠴᠤ᠂ ᠣᠩᠭᠤᠴᠠ ᠰᠠᠯ ᠳᠠᠩᠰᠠᠯᠠᠬᠤ᠂ | ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠤᠰᠤᠨ ᠳᠡᠭᠡᠷᠡᠬᠢ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠴᠢᠮᠡᠭᠡ | ᠬᠤᠯᠪᠣᠭ᠎ᠠ ᠪᠠᠷ ᠵᠠᠮᠴᠢᠯᠠᠬᠤ ᠵᠡᠷᠭᠡ ᠠᠵᠢᠯ ᠢ ᠵᠢᠯᠣᠭᠤᠳᠤᠨ᠎ᠠ᠃ ᠵᠢᠭᠠᠰᠤᠨ ᠣᠩᠭᠤᠴᠠ ᠶᠢ ᠰᠢᠯᠭᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠵᠢᠯᠣᠭᠤᠳᠤᠨ᠎ᠠ᠃ | 6.ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠬᠢᠨᠠᠨ ᠵᠢᠯᠣᠭᠤᠳᠤᠨ᠎ᠠ᠃ ᠵᠠᠰᠠᠮᠠᠯ ᠵᠠᠮ ᠤᠰᠤᠨ ᠵᠠᠮ ᠤᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠵᠠᠮ ᠤᠨ ᠲᠣᠤᠷ ᠤᠨ | ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ᠃ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠶᠤᠯ ᠦᠭᠡᠶ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠥᠷᠢᠯᠡᠬᠦ ᠶᠢ ᠬᠠᠤᠯᠢ | ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃ | 7᠂ ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠣᠭᠤᠳᠤᠨ᠎ᠠ᠃ | ᠲᠣᠭᠲᠠᠭᠰᠠᠨ ᠬᠠᠷᠢᠶᠠᠯᠠᠯ ᠤᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠎ᠡ᠃ | 8. ᠪᠥᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠡᠨᠧᠷᠭᠢ ᠠᠷᠪᠢᠯᠠᠬᠤ᠂ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠨ᠎ᠠ᠃ | 9. ᠪᠦᠬᠦ ᠰᠢᠶᠠᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠥᠷᠨᠢᠭᠦᠯᠦᠨ᠎ᠡ᠃ | 10. ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | 11 . ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ |