ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 5 ᠤ ᠴᠠᠭᠢᠯᠭᠠᠨ ᠮᠡᠳᠡᠭᠡ 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ | ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠰᠢ ᠶᠢᠨ ᠫᠢᠩ᠂ ᠳᠤᠮᠳᠠᠳᠤ | ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦ᠋ᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠯᠳᠤᠬᠤ | ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠳᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ ᠪᠠᠶᠢᠷᠢ | ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠭᠦᠷᠲᠡᠯ᠎ᠡ | ᠳᠡᠭᠡᠭᠰᠢᠯᠡᠭᠦᠯᠵᠦ᠂ ᠳᠤᠮᠳᠠᠳᠤ ᠠᠹᠷᠢᠺᠠ ᠭᠠᠷ ᠬᠤᠯᠪᠣᠨ ᠣᠳᠣᠬᠢᠴᠢᠯᠠᠯᠲᠠ ᠶᠢ ᠠᠬᠢᠭᠤᠯᠬᠤ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠦ | ᠨᠡᠶᠢᠲᠡᠯᠡᠪᠡ᠃ | | 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ | ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ | ᠴᠢ᠂ ᠳ᠋ᠢᠩ ᠰᠢᠤᠸᠠᠢ ᠰᠢᠶᠠᠩ᠂ ᠯᠢ ᠰᠢ ᠣᠷᠣᠯᠴᠠᠪᠠ᠃ | ᠨᠠᠮᠤᠷ ᠤᠨ ᠡᠬᠢᠨ ᠤ ᠪᠡᠭᠡᠵᠢᠩ ᠨᠠᠯᠠᠭᠠᠷᠳᠠᠨ ᠴᠡᠩᠬᠡᠷᠯᠡᠨ᠎ᠡ᠃ ᠲᠢᠶᠠᠨ ᠠᠨ ᠮᠧᠨ ᠲᠠᠯᠠᠪᠠᠢ ᠪᠣᠯᠣᠨ ᠴᠠᠩ ᠠᠨ ᠵᠡᠭᠡᠯᠢ ᠶᠢᠨ ᠬᠤᠶᠠᠷ ᠬᠠᠵᠠᠭᠤ ᠪᠠᠷ ᠬᠤᠷᠴᠠ | ᠢᠯᠡᠲᠡᠢ ᠲᠠᠪᠤᠨ ᠣᠳᠣᠲᠤ ᠤᠯᠠᠭᠠᠨ ᠲᠤᠭ ᠪᠣᠯᠣᠨ ᠠᠹᠷᠢᠺᠠ ᠲᠢᠪ ᠤᠨ 53 ᠤᠯᠤᠰ ᠪᠣᠯᠣᠨ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠲᠤᠭ | ᠰᠠᠯᠬᠢᠨ ᠤ ᠠᠶ᠎ᠠ ᠪᠠᠷ ᠨᠠᠮᠢᠷᠠᠨ᠎ᠠ᠃ | | 9 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠤᠨ ᠡᠭᠢᠯᠡᠯᠲᠡ ᠶᠢᠨ ᠶᠣᠰᠣᠯᠠᠯ ᠳᠤ | ᠣᠷᠣᠯᠴᠠᠬᠰᠠᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ ᠵᠢᠷᠤᠭ ᠪᠣᠯ ᠡᠭᠢᠯᠡᠯᠲᠡ ᠶᠢᠨ ᠶᠣᠰᠣᠯᠠᠯ ᠠᠴᠠ ᠡᠮᠦᠨ᠎ᠡ᠂ ᠰᠢ ᠶᠢᠨ ᠫᠢᠩ ᠲᠦᠷᠦᠭᠦᠴᠦᠳ ᠤᠨ | ᠬᠤᠷᠠᠯ ᠳᠤ ᠣᠷᠤᠯᠴᠠᠬᠤ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠣᠷᠣᠯᠴᠠᠬᠰᠠᠨ 51 ᠨᠡᠷᠡᠰ ᠠᠹᠷᠢᠺᠠ ᠲᠢᠪ ᠤᠨ ᠤᠯᠤᠰ ᠤᠨ ᠲᠡᠷᠢᠭᠦᠨ᠂ ᠵᠠᠰᠠᠭ ᠤᠨ ᠣᠷᠳᠣᠨ ᠤ | ᠲᠦᠷᠦᠭᠦᠴᠦᠳ ᠵᠢᠴᠢ ᠶᠡᠷᠦᠩᠬᠡᠶᠢᠯᠡᠭᠴᠢ ᠶᠢᠨ 2 ᠲᠥᠯᠥᠭᠡᠯᠡᠭᠴᠢ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠥᠪᠯᠡᠯ ᠤᠨ ᠲᠡᠷᠢᠭᠦᠯᠡᠭᠴᠢ ᠪᠣᠯᠣᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠪᠠ᠃ | ︽ᠡᠩᠬᠡ ᠲᠠᠶᠢᠪᠤᠩ — ᠬᠤᠪᠢ ᠵᠠᠶᠠᠭᠠᠨ ᠤ ᠬᠠᠮᠲᠤ ᠶᠢᠨ ᠴᠣᠭᠴᠠ︾ ᠭᠡᠬᠦ ᠬᠥᠭᠵᠢᠮ ᠤᠨ ᠠᠶᠠᠰ ᠪᠣᠯᠣᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ | ᠰᠢ ᠶᠢᠨ ᠫᠢᠩ ᠭᠠᠳᠠᠭᠠᠳᠤ ᠶᠢᠨ ᠤᠳᠤᠷᠢᠳᠬᠤ ᠬᠥᠮᠥᠰ ᠲᠠᠢ ᠬᠠᠮᠲᠤ ᠪᠠᠷ ᠬᠤᠷᠠᠯ ᠤᠨ ᠲᠠᠯᠠᠪᠠᠢ ᠳᠤ ᠠᠯᠬᠤᠨ ᠣᠷᠣᠵᠤ᠂ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ | ᠰᠢ ᠶᠢᠨ ᠫᠢᠩ ︽ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠵᠤ᠂ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠴᠣᠭᠴᠠᠯᠠᠶ᠎ᠠ︾ ᠭᠡᠬᠦ | ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ᠃ | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠭᠠᠳᠠᠭᠠᠳᠤ ᠶᠢᠨ ᠡᠷᠬᠢᠮ ᠵᠣᠴᠢᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠡᠨᠡ ᠬᠦ ᠡᠯᠪᠡᠭ ᠬᠤᠷᠢᠶᠠᠯᠲᠠ ᠶᠢᠨ ᠤᠯᠠᠷᠢᠯ ᠳᠤ᠂ ᠰᠢᠨ᠎ᠡ ᠬᠠᠭᠤᠴᠢᠨ ᠨᠠᠶᠢᠵᠠ ᠨᠠᠷ ᠲᠠᠢ ᠪᠠᠨ ᠪᠡᠭᠡᠵᠢᠩ ᠳᠤ ᠴᠤᠭᠯᠠᠷᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠬᠦ ᠪᠣᠯᠤᠭᠰᠠᠨ ᠳᠠᠭᠠᠨ ᠮᠠᠰᠢ ᠪᠠᠶᠠᠷ ᠲᠠᠢ | ᠪᠠᠶᠢᠨ᠎ᠠ᠃ ᠳᠤᠮᠳᠠᠳᠤ ᠠᠹᠷᠢᠺᠠ ᠶᠢᠨ ᠨᠥᠬᠦᠷᠯᠡᠯ ᠴᠠᠭ ᠣᠷᠣᠨ ᠵᠠᠢ ᠶᠢ ᠠᠯᠤᠰᠯᠠᠨ᠂ ᠠᠭᠤᠯᠠ ᠲᠠᠯᠠᠢ ᠶᠢ ᠳᠠᠪᠠᠵᠤ᠂ ᠦᠶ᠎ᠡ ᠶᠢᠨ ᠦᠶ᠎ᠡ ᠳᠤ ᠤᠯᠠᠮᠵᠢᠯᠠᠭᠳᠠᠨ᠎ᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 24 ᠵᠢᠯ ᠤᠨ ᠲᠤᠷᠰᠢ ᠢᠯᠠᠩᠭᠤᠶ᠎ᠠ ᠰᠢᠨ᠎ᠡ ᠴᠠᠭ ᠦᠶ᠎ᠡ ᠠᠴᠠ ᠨᠠᠭᠠᠰᠢ᠂ | ᠳᠤᠮᠳᠠᠳᠤ ᠤᠯᠤᠰ ᠠᠹᠷᠢᠺᠠ ᠲᠢᠪ ᠤᠨ ᠠᠬ᠎ᠠ ᠳᠡᠭᠦᠦ ᠡᠭᠡᠴᠢ ᠥᠬᠢᠨ ᠳᠡᠭᠦᠦ ᠨᠠᠷ ᠲᠠᠢ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠢᠶᠠᠷ᠂ | ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠶᠢᠨ ᠳᠤᠮᠳᠠ ᠮᠥᠷᠥ ᠵᠡᠷᠭᠡᠴᠡᠨ ᠭᠠᠷ ᠭᠠᠷ ᠢᠶᠠᠨ ᠬᠤᠯᠪᠣᠵᠤ᠂ ᠵᠦᠢ ᠶᠣᠰᠣᠨ ᠤ ᠡᠷᠬᠡ ᠠᠰᠢᠭ ᠢᠶᠠᠨ ᠬᠠᠷᠢᠯᠴᠠᠨ | ᠡᠷᠡᠰ ᠬᠠᠮᠠᠭᠠᠯᠠᠪᠠ︔ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠤᠷᠤᠰᠬᠠᠯ ᠳᠤᠮᠳᠠ ᠶᠠᠰᠤ ᠰᠢᠷᠪᠦᠰᠦ ᠪᠠᠨ ᠬᠠᠲᠠᠭᠤᠵᠢᠭᠤᠯᠵᠤ᠂ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠳᠤᠮᠳᠠᠳᠤ ᠠᠹᠷᠢᠺᠠ ᠶᠢᠨ ᠲᠦᠭ ᠲᠦᠮᠡᠨ ᠠᠷᠠᠳ ᠲᠦᠮᠡᠨ ᠳᠤ ᠠᠰᠢᠭ ᠭᠦᠷᠲᠡᠭᠡᠪᠡ︔ ᠶᠡᠭᠡ | ᠭᠠᠮᠰᠢᠭ ᠶᠡᠭᠡ ᠬᠢᠵᠢᠭ ᠤᠨ ᠡᠮᠦᠨ᠎ᠡ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠲᠤ ᠪᠠᠷ ᠲᠡᠮᠡᠴᠡᠵᠦ᠂ ᠳᠤᠮᠳᠠᠳᠤ ᠠᠹᠷᠢᠺᠠ ᠶᠢᠨ ᠨᠥᠬᠦᠷᠯᠡᠯ ᠤᠨ ᠰᠡᠳᠬᠢᠯ | ᠬᠥᠳᠡᠯᠭᠡᠮ᠎ᠡ ᠦᠯᠢᠭᠡᠷ ᠤᠳ ᠢ ᠪᠢᠴᠢᠭᠯᠡᠪᠡ︔ ᠪᠢᠳᠡ ᠢᠮᠠᠭᠲᠠ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠲᠡᠮᠵᠢᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ | ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ 70 ᠵᠢᠯ ᠰᠢᠬᠠᠮ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ᠂ ᠳᠤᠮᠳᠠᠳᠤ ᠠᠹᠷᠢᠺᠠ ᠶᠢᠨ | ᠬᠠᠷᠢᠯᠴᠠᠭ᠎ᠠ ᠶᠠᠭ ᠲᠡᠦᠬᠡ ᠶᠢᠨ ᠬᠠᠮᠤᠭ ᠤᠨ ᠰᠠᠶᠢᠬᠠᠨ ᠴᠠᠭ ᠦᠶ᠎ᠡ ᠳᠤ ᠣᠷᠣᠰᠢᠵᠤ ᠪᠠᠶᠢᠨ᠎ᠠ᠃ ᠢᠷᠡᠭᠡᠳᠦᠢ ᠳᠤ ᠬᠠᠨᠳᠤᠵᠤ᠂ ᠳᠤᠮᠳᠠᠳᠤ ᠶᠢᠨ ᠲᠠᠯ᠎ᠠ ᠠᠴᠠ | ᠳᠤᠮᠳᠠᠳᠤ ᠤᠯᠤᠰ ᠪᠣᠯᠣᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ ᠪᠦᠭᠦ᠋ᠢᠯᠡ ᠤᠯᠤᠰ ᠯᠤᠭ᠎ᠠ ᠶᠢᠨ ᠬᠤᠶᠠᠷ ᠲᠠᠯ᠎ᠠ ᠶᠢᠨ ᠬᠠᠷᠢᠯᠴᠠᠭ᠎ᠠ ᠶᠢ | ᠪᠠᠶᠢᠯᠳᠤᠬᠤ ᠪᠣᠳᠣᠯᠭ᠎ᠠ ᠶᠢᠨ ᠬᠠᠷᠢᠯᠴᠠᠭᠠᠨ ᠤ ᠲᠦᠪᠰᠢᠨ ᠳᠤ ᠭᠦᠷᠲᠡᠯ᠎ᠡ ᠲᠡᠭᠡᠭᠰᠢᠯᠡᠭᠦᠯᠵᠦ᠂ ᠳᠤᠮᠳᠠᠳᠤ ᠠᠹᠷᠢᠺᠠ ᠶᠢᠨ ᠬᠠᠷᠢᠯᠴᠠᠭᠠᠨ ᠤ ᠪᠦᠬᠦᠯᠢ ᠴᠣᠭᠴᠠ ᠶᠢᠨ | ᠪᠠᠶᠢᠷᠢ ᠲᠣᠭᠲᠠᠭᠠᠯᠲᠠ ᠶᠢ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠳᠤ ᠭᠦᠷᠲᠡᠯ᠎ᠡ | ᠳᠡᠭᠡᠭᠰᠢᠯᠡᠭᠦᠯᠭᠦ ᠶᠢ ᠰᠠᠨᠠᠭᠠᠴᠢᠯᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠳᠡᠯᠡᠬᠡᠢ ᠶᠢᠨ ᠡᠯ᠎ᠡ ᠤᠯᠤᠰ ᠤᠨ | ᠪᠤᠯᠢᠶᠠᠵᠤ ᠪᠣᠯᠣᠰᠢ ᠦᠭᠡᠢ ᠡᠷᠬᠡ ᠮᠥᠨ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠃ | ᠠᠹᠷᠢᠺᠠ ᠲᠢᠪ ᠴᠦ ᠰᠢᠨ᠎ᠡ ᠰᠡᠬᠡᠭᠡᠷᠡᠯᠲᠡ ᠶᠢ ᠶᠠᠭ ᠥᠩᠭᠡᠷᠡᠭᠡᠵᠦ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ︽2063 ᠣᠨ ᠤ ᠵᠥᠪᠯᠡᠬᠦ ᠵᠦᠢᠯ︾ | ᠳᠤ ᠵᠢᠷᠤᠭᠯᠠᠭᠰᠠᠨ ᠣᠳᠣᠬᠢᠴᠢᠯᠠᠯᠲᠠ ᠶᠢᠨ ᠬᠠᠷᠠᠯᠲᠠ ᠲᠡᠶᠢᠰᠢ ᠯᠠᠪᠳᠠᠭᠤᠨ ᠢᠶᠠᠷ ᠤᠷᠤᠭᠰᠢᠯᠠᠵᠤ ᠪᠠᠶᠢᠨ᠎ᠠ᠃ ᠳᠤᠮᠳᠠᠳᠤ ᠠᠹᠷᠢᠺᠠ ᠶᠢᠨ ᠬᠢᠨ ᠣᠳᠣᠬᠢᠴᠢᠯᠠᠯᠲᠠ ᠶᠢᠨ | ᠬᠦᠰᠡᠯ ᠵᠡᠭᠦᠳᠦ ᠲᠡᠶᠢᠰᠢ ᠬᠠᠮᠲᠤ ᠪᠠᠷ ᠤᠷᠤᠭᠰᠢᠯᠠᠵᠤ ᠪᠠᠶᠢᠭ᠎ᠠ ᠶᠠᠪᠤᠳᠠᠯ ᠨᠢ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠶᠢᠨ | ᠬᠠᠯᠠᠭᠤᠨ ᠥᠷᠨᠢᠯᠲᠡ ᠶᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠣ ᠰᠢᠨ᠎ᠡ ᠬᠠᠭᠤᠳᠠᠰᠤ ᠶᠢ | ᠪᠢᠴᠢᠭᠯᠡᠬᠦ ᠨᠢ ᠯᠠᠪᠲᠠᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠠᠹᠷᠢᠺᠠ ︽ᠵᠢᠷᠭᠤᠭᠠᠨ ᠣᠳᠣᠬᠢᠴᠢᠯᠠᠯᠲᠠ︾ ᠶᠢ ᠭᠠᠷ ᠬᠤᠯᠪᠣᠯᠴᠠᠨ ᠠᠬᠢᠭᠤᠯᠤᠶ᠎ᠠ᠃ | — ᠲᠥᠪ ᠭᠤᠤᠯᠴᠢ ᠵᠦᠢ ᠵᠣᠬᠢᠰᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠤᠯᠤᠰ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠣᠳᠣᠬᠢᠴᠢᠯᠠᠯᠲᠠ ᠶᠢᠨ ᠡᠩ ᠤᠨ ᠵᠢᠮ᠎ᠡ ᠶᠣᠰᠣ ᠶᠢ ᠵᠢᠷᠤᠮᠯᠠᠬᠤ ᠬᠡᠷᠡᠭᠲᠡᠢ ᠮᠥᠷᠲᠡᠭᠡᠨ ᠲᠤᠰ ᠤᠯᠤᠰ ᠤᠨ ᠢᠶᠠᠨ ᠪᠣᠳᠠᠲᠤ | ᠪᠠᠶᠢᠳᠠᠯ ᠲᠠᠢ ᠨᠡᠶᠢᠴᠡᠭᠦᠯᠬᠦ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠤᠯᠤᠰ ᠤᠨ ᠬᠢᠨ ᠲᠤᠰ ᠤᠯᠤᠰ ᠤᠨ ᠢᠶᠠᠨ ᠪᠠᠶᠢᠳᠠᠯ ᠳᠤ ᠵᠣᠬᠢᠴᠠᠬᠤ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠬᠦ ᠶᠢ | ᠲᠡᠮᠵᠢᠵᠤ᠂ ᠡᠯ᠎ᠡ ᠤᠯᠤᠰ ᠤᠨ ᠡᠷᠬᠡ ᠠᠰᠢᠭ ᠨᠢ ᠲᠥᠪ ᠭᠤᠤᠯᠴᠢ᠂ ᠠᠵᠠ ᠲᠣᠭᠢᠶᠠᠯ ᠨᠢ ᠲᠥᠪ ᠭᠤᠤᠯᠴᠢ ᠪᠠᠶᠢᠬᠤ ᠶᠢ ᠪᠠᠲᠤᠯᠠᠨ᠎ᠠ᠃ | — ᠨᠡᠭᠡᠭᠡᠯᠲᠡ ᠬᠢᠵᠦ ᠬᠠᠮᠲᠤ ᠪᠠᠷ ᠠᠰᠢᠭ ᠭᠦᠷᠲᠡᠭᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠠᠷᠢᠯᠴᠠᠨ ᠠᠰᠢᠭᠲᠠᠢ ᠬᠠᠮᠲᠤᠷᠠᠯᠴᠠᠭ᠎ᠠ | ᠪᠣᠯ ᠡᠯ᠎ᠡ ᠤᠯᠤᠰ ᠤᠨ ᠠᠯᠤᠰ ᠭᠡᠳᠦ ᠶᠢᠨ ᠪᠠ ᠦᠨᠳᠦᠰᠦᠨ ᠠᠰᠢᠭ ᠲᠤᠰᠠ ᠲᠠᠢ ᠨᠡᠶᠢᠴᠡᠬᠦ ᠰᠠᠷᠠᠭᠤᠯ ᠳᠠᠷᠳᠠᠩ ᠵᠠᠮ ᠮᠥᠨ᠃ ᠳᠤᠮᠳᠠᠳᠤ ᠤᠯᠤᠰ ᠳᠤᠷᠠᠲᠠᠶ᠎ᠠ | ᠠᠹᠷᠢᠺᠠ ᠯᠤᠭ᠎ᠠ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠰᠠᠭᠤᠷᠢ ᠲᠥᠬᠦᠭᠡᠷᠦᠮᠵᠢ᠂ ᠠᠷᠠᠯᠵᠢᠶ᠎ᠠ ᠪᠡᠯᠡ ᠣᠷᠣᠭᠤᠯᠤᠯᠲᠠ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠡᠪ ᠳᠠᠭᠤᠷᠢᠶᠠᠯ ᠢ ᠪᠤᠢ | ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠦᠯᠢᠭᠡᠷ ᠬᠡᠪ ᠢ ᠬᠠᠮᠲᠤ ᠪᠠᠷ ᠴᠣᠭᠴᠠᠯᠠᠨ᠎ᠠ᠃ | — ᠠᠷᠠᠳ ᠲᠦᠮᠡᠨ ᠢ ᠳᠡᠭᠡᠳᠦᠯᠡᠬᠦ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠬᠥᠮᠥᠨ ᠤ ᠡᠷᠬᠡ ᠴᠢᠯᠦᠭᠡ ᠲᠠᠢ ᠪᠦᠭᠦ ᠲᠠᠯ᠎ᠠ ᠶᠢᠨ | ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠴᠦᠰ ᠤᠨ ᠬᠠᠷᠠᠯᠲᠠ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ ᠴᠢᠳᠠᠪᠤᠷᠢᠲᠠᠨ | ᠬᠥᠮᠥᠵᠢᠭᠦᠯᠬᠦ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠠᠵᠢᠯ ᠣᠯᠭᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ | ᠂ ᠠᠷᠠᠳ ᠲᠦᠮᠡᠨ ᠤ ᠣᠳᠣᠬᠢᠴᠢᠯᠠᠯᠲᠠ ᠶᠢᠨ ᠠᠬᠢᠴᠠ ᠳᠠᠬᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠳᠡᠭᠡᠭᠰᠢᠯᠡᠭᠦᠯᠵᠦ᠂ ᠣᠳᠣᠬᠢᠴᠢᠯᠠᠯᠲᠠ ᠪᠠᠷ ᠪᠦᠭᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠠᠬᠢᠭᠤᠯᠤᠨ᠎ᠠ᠃ | — ᠣᠯᠠᠨ ᠡᠰᠢᠲᠦ ᠪᠠᠭᠲᠠᠭᠠᠮᠵᠢᠲᠠᠢ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ | ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠬᠦ ᠪᠣᠯ ᠣᠳᠣᠬᠢᠴᠢᠯᠠᠯᠲᠠ ᠶᠢᠨ ᠡᠷᠬᠢᠮ ᠳᠡᠭᠡᠳᠦ ᠬᠥᠭᠡᠭᠡᠴᠡᠯᠳᠦᠯ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠯᠤᠭ᠎ᠠ | ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠬᠢᠴᠠ ᠳᠤᠮᠳᠠ ᠠᠳᠠᠯᠢ ᠪᠤᠰᠤ ᠪᠣᠯᠪᠠᠰᠤᠨ ᠤ ᠬᠠᠷᠢᠯᠴᠠᠨ ᠬᠦᠨᠳᠦᠳᠬᠡᠬᠦ᠂ | ᠪᠠᠭᠲᠠᠭᠠᠮᠵᠢᠲᠠᠢ ᠬᠠᠮᠲᠤ ᠪᠠᠷ ᠣᠷᠣᠰᠢᠬᠤ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠨᠡᠩ ᠤᠯᠠᠨ ᠦᠷ᠎ᠡ ᠪᠦᠲᠦᠭᠡᠯ | ᠣᠯᠬᠤ ᠶᠢ ᠬᠠᠮᠲᠤ ᠪᠠᠷ ᠠᠬᠢᠭᠤᠯᠤᠨ᠎ᠠ᠃ | — ᠠᠮᠢ ᠠᠬᠤᠢ ᠨᠥᠭᠦᠷᠰᠡᠭ ᠪᠠᠶᠢᠬᠤ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠪᠣᠬᠢᠷᠳᠤᠯ ᠦᠭᠡᠢ ᠬᠥᠭᠵᠢᠯᠲᠡ ᠪᠣᠯ ᠰᠢᠨ᠎ᠡ ᠴᠠᠭ | ᠦᠶ᠎ᠡ ᠶᠢᠨ ᠣᠳᠣᠬᠢᠴᠢᠯᠠᠯᠲᠠ ᠶᠢᠨ ᠢᠯᠡ ᠲᠣᠳᠣ ᠪᠡᠯᠭᠡ ᠲᠡᠮᠳᠡᠭ ᠮᠥᠨ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠢ ᠬᠠᠪᠰᠤᠷᠤᠨ ︽ᠪᠣᠬᠢᠷᠳᠤᠯ ᠦᠭᠡᠢ | ᠨᠡᠮᠡᠭᠳᠡᠯ ᠤᠨ ᠬᠥᠳᠡᠯᠭᠡᠭᠦᠷ︾ ᠢ ᠴᠣᠭᠴᠠᠯᠠᠵᠤ᠂ ᠡᠨᠧᠷᠭᠢ ᠶᠢᠨ ᠬᠦᠷᠦᠯᠴᠡᠬᠦ᠋ᠢᠴᠡ ᠴᠢᠨᠠᠷ ᠤᠨ ᠵᠥᠷᠢᠶ᠎ᠡ ᠶᠢ ᠪᠠᠭᠠᠰᠬᠠᠨ᠂ ᠬᠠᠮᠲᠤ ᠪᠠᠷ ᠬᠠᠷᠢᠭᠤᠴᠠᠬᠤ ᠪᠤᠯᠪᠠᠴᠤ | ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠬᠠᠮᠲᠤ ᠪᠠᠷ ᠠᠬᠢᠭᠤᠯᠤᠨ᠎ᠠ᠃ | — ᠡᠩᠬᠡ ᠲᠠᠶᠢᠪᠤᠩ ᠠᠮᠤᠷ ᠲᠦᠪᠰᠢᠨ ᠣᠳᠣᠬᠢᠴᠢᠯᠠᠯᠲᠠ ᠶᠢ ᠭᠠᠷ ᠬᠤᠯᠪᠣᠯᠴᠠᠨ ᠠᠬᠢᠭᠤᠯᠤᠶ᠎ᠠ᠃ ᠣᠳᠣᠬᠢᠴᠢᠯᠠᠯᠲᠠ ᠨᠢ ᠡᠩᠬᠡ ᠲᠠᠶᠢᠪᠤᠩ ᠲᠣᠭᠲᠠᠭᠤᠨ | ᠬᠥᠭᠵᠢᠯᠲᠡ ᠶᠢᠨ ᠣᠷᠴᠢᠨ ᠨᠥᠬᠦᠴᠡᠯ ᠠᠴᠠ ᠰᠠᠯᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠡᠩᠬᠡ ᠲᠠᠶᠢᠪᠤᠩ | ᠲᠣᠭᠲᠠᠭᠤᠨ ᠢᠶᠠᠨ ᠪᠡᠶ᠎ᠡ ᠪᠠᠨ ᠳᠠᠭᠠᠭᠠᠵᠤ ᠬᠠᠮᠠᠭᠠᠯᠠᠬᠤ ᠴᠢᠳᠠᠪᠤᠷᠢ ᠶᠢ ᠬᠠᠪᠰᠤᠷᠤᠨ ᠳᠡᠭᠡᠭᠰᠢᠯᠡᠭᠦᠯᠵᠦ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ ᠶᠢ ᠡᠩ ᠲᠡᠷᠢᠭᠦᠨ ᠳᠤ ᠠᠹᠷᠢᠺᠠ ᠲᠢᠪ ᠲᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ | ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠳᠤᠷᠠᠳᠪᠠ᠃ | | ᠰᠢ ᠶᠢᠨ ᠫᠢᠩ᠂ ᠳᠤᠮᠳᠠᠳᠤ ᠤᠯᠤᠰ ᠪᠣᠯᠣᠨ ᠠᠹᠷᠢᠺᠠ ᠲᠢᠪ ᠳᠡᠯᠡᠬᠡᠢ ᠶᠢᠨ ᠪᠦᠭᠦ ᠬᠥᠮᠥᠨ ᠠᠮᠠ ᠶᠢᠨ ᠭᠤᠷᠪᠠᠨ ᠤ ᠨᠢᠭᠡ ᠬᠤᠪᠢ ᠶᠢ ᠡᠵᠡᠯᠡᠨ᠎ᠡ᠂ ᠳᠤᠮᠳᠠᠳᠤ | ᠠᠹᠷᠢᠺᠠ ᠶᠢᠨ ᠣᠳᠣᠬᠢᠴᠢᠯᠠᠯᠲᠠ ᠪᠠᠶᠢᠬᠤ ᠦᠭᠡᠢ ᠪᠣᠯ ᠳᠡᠯᠡᠬᠡᠢ ᠶᠢᠨ ᠣᠳᠣᠬᠢᠴᠢᠯᠠᠯᠲᠠ ᠪᠠᠶᠢᠵᠤ ᠴᠢᠳᠠᠬᠤ ᠦᠭᠡᠢ᠃ ᠢᠷᠡᠭᠡᠳᠦᠢ ᠶᠢᠨ 3 ᠵᠢᠯ ᠳᠤ᠂ ᠳᠤᠮᠳᠠᠳᠤ | ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ ᠣᠳᠣᠬᠢᠴᠢᠯᠠᠯᠲᠠ ᠶᠢᠨ ᠠᠷᠪᠠᠨ ᠶᠡᠭᠡ ᠬᠠᠨᠢᠲᠠᠨ ᠤ ᠠᠵᠢᠯᠯᠠᠭ᠎ᠠ ᠶᠢ ᠭᠠᠷ ᠬᠤᠯᠪᠣᠯᠴᠠᠨ ᠠᠬᠢᠭᠤᠯᠵᠤ᠂ ᠳᠤᠮᠳᠠᠳᠤ | ᠠᠹᠷᠢᠺᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠨ ᠣᠳᠣᠬᠢᠴᠢᠯᠠᠯᠲᠠ ᠶᠢ ᠬᠥᠲᠥᠯᠥᠨ | ᠳᠠᠭᠠᠭᠤᠯᠤᠨ᠎ᠠ᠃ | ᠨᠢᠭᠡᠳᠦᠭᠡᠷ ᠲᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠬᠢᠨ ᠲᠠᠢ | ᠳᠤᠮᠳᠠᠳᠤ ᠠᠹᠷᠢᠺᠠ ᠶᠢᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠳᠤᠮᠳᠠᠳᠤ ᠠᠹᠷᠢᠺᠠ ᠶᠢᠨ | ᠬᠥᠭᠵᠢᠯᠲᠡ ᠶᠢᠨ ᠮᠡᠳᠡᠯᠭᠡ ᠶᠢᠨ ᠰᠦᠯᠵᠢᠶ᠎ᠡ ᠪᠣᠯᠣᠨ 25 ᠳᠤᠮᠳᠠᠳᠤ ᠠᠹᠷᠢᠺᠠ ᠶᠢᠨ ᠰᠤᠳᠤᠯᠭᠠᠨ ᠤ ᠲᠥᠪ ᠢ ᠪᠠᠶᠢᠭᠤᠯᠵᠤ᠂ ᠠᠹᠷᠢᠺᠠ ᠲᠢᠪ ᠤᠨ 1000 | ᠲᠦᠷᠦ ᠶᠢᠨ ᠨᠠᠮ ᠤᠨ ᠬᠥᠮᠥᠰ ᠢ ᠤᠷᠢᠵᠤ ᠳᠤᠮᠳᠠᠳᠤ ᠤᠯᠤᠰ ᠲᠤ ᠢᠷᠡᠭᠦᠯᠦᠨ ᠰᠣᠯᠢᠯᠴᠠᠭ᠎ᠠ ᠬᠢᠯᠭᠡᠨ᠎ᠡ᠃ | ᠬᠤᠶᠠᠳᠤᠭᠠᠷ ᠲᠤ᠂ ᠠᠷᠠᠯᠵᠢᠶ᠎ᠠ ᠴᠡᠴᠡᠭᠯᠡᠨ ᠬᠥᠭᠵᠢᠭᠰᠡᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠵᠠᠬ᠎ᠠ ᠳᠡᠯᠭᠡᠭᠦᠷ ᠤᠨ ᠨᠡᠭᠡᠭᠡᠯᠲᠡ ᠶᠢ | ᠰᠠᠨᠠᠭᠠᠴᠢᠯᠠᠭ᠎ᠠ ᠠᠴᠠ ᠪᠠᠨ ᠭᠠᠭᠴᠠ ᠲᠠᠯ᠎ᠠ ᠠᠴᠠ ᠥᠷᠭᠡᠳᠬᠡᠵᠦ᠂ ᠠᠹᠷᠢᠺᠠ ᠲᠢᠪ ᠤᠨ 33 ᠤᠯᠤᠰ ᠢ ᠪᠠᠭᠲᠠᠭᠠᠭᠰᠠᠨ ᠪᠤᠢ ᠪᠦᠬᠦᠢ ᠳᠤᠮᠳᠠᠳᠤ ᠤᠯᠤᠰ ᠯᠤᠭ᠎ᠠ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠨ 100% ᠶᠢᠨ ᠭᠠᠶᠢᠯᠢ ᠶᠢᠨ ᠲᠦᠷᠦᠯ ᠤᠨ ᠪᠦᠲᠦᠭᠡᠭᠳᠡᠬᠦᠨ ᠳᠤ ᠪᠣᠭᠤᠮᠲᠠ ᠶᠢᠨ | ᠭᠠᠶᠢᠯᠢ ᠠᠪᠬᠤ ᠦᠭᠡᠢ ᠬᠠᠷᠠᠭᠠᠯᠵᠠᠯ ᠦᠵᠡᠭᠦᠯᠭᠦ ᠪᠠᠷ ᠲᠣᠭᠲᠠᠵᠤ᠂ ᠳᠤᠮᠳᠠᠳᠤ ᠤᠯᠤᠰ ᠤᠨ ᠲᠣᠮᠣ ᠵᠠᠬ᠎ᠠ ᠳᠡᠯᠭᠡᠭᠦᠷ ᠢ ᠠᠹᠷᠢᠺᠠ ᠲᠢᠪ ᠤᠨ ᠲᠣᠮᠣ ᠠᠵᠠ ᠲᠣᠭᠢᠶᠠᠯ | ᠪᠤᠯᠭᠠᠬᠤ ᠶᠢ ᠠᠬᠢᠭᠤᠯᠤᠨ᠎ᠠ᠃ ᠠᠹᠷᠢᠺᠠ ᠲᠢᠪ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ | ᠡᠯᠧᠺᠳ᠋ᠷᠣᠨ ᠬᠤᠳᠠᠯᠳᠤᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ︽ᠳᠤᠮᠳᠠᠳᠤ ᠠᠹᠷᠢᠺᠠ ᠶᠢᠨ ᠶᠠᠰᠤ ᠴᠢᠨᠠᠷ ᠢ ᠳᠡᠭᠡᠭᠰᠢᠯᠡᠭᠦᠯᠭᠦ | ᠲᠥᠯᠥᠪᠯᠡᠭᠡ︾ ᠶᠢ ᠬᠡᠷᠡᠭᠵᠢᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ᠬᠠᠮᠲᠤ ᠪᠠᠷ ᠬᠥᠭᠵᠢᠬᠦ ᠠᠵᠤ ᠠᠬᠤᠢ ᠶᠢᠨ ᠬᠠᠨᠢᠲᠠᠨ ᠤ | ᠬᠠᠷᠢᠯᠴᠠᠭ᠎ᠠ ᠶᠢᠨ ᠪᠣᠷᠣ ᠲᠥᠯᠥᠪ ᠢ ᠵᠥᠪᠳᠡᠯᠴᠡᠨ ᠲᠣᠭᠲᠠᠵᠤ᠂ ᠳᠤᠮᠳᠠᠳᠤ ᠠᠹᠷᠢᠺᠠ ᠶᠢᠨ ᠠᠷᠠᠯᠵᠢᠶᠠᠨ ᠤ ᠪᠡᠯᠡ ᠣᠷᠣᠭᠤᠯᠤᠯᠲᠠ ᠳᠤ ᠤᠷᠳᠤ ᠬᠤᠭᠤᠴᠠᠭᠠᠨ ᠤ᠂ | ᠲᠣᠭᠲᠠᠭᠤᠨ᠂ ᠵᠢᠱᠢᠵᠦ ᠪᠣᠯᠬᠤᠶᠢᠴᠠ ᠳᠦᠷᠢᠮ ᠤᠨ ᠪᠠᠲᠤᠯᠠᠭ᠎ᠠ ᠬᠠᠩᠭᠠᠨ᠎ᠠ᠃ | ᠭᠤᠷᠪᠠᠳᠤᠭᠠᠷ ᠲᠤ᠂ ᠠᠵᠤ ᠦᠢᠯᠡᠰ ᠤᠨ ᠬᠡᠯᠬᠢᠶ᠎ᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ | ᠲᠢᠪ ᠯᠦᠭᠡ ᠠᠵᠤ ᠦᠢᠯᠡᠰ ᠤᠨ ᠬᠠᠮᠲᠤᠷᠠᠯᠴᠠᠭᠠᠨ ᠤ ᠨᠡᠮᠡᠭᠳᠡᠯ ᠤᠨ ᠲᠣᠭᠤᠷᠢᠭ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ | ᠬᠠᠮᠲᠤᠷᠠᠯᠴᠠᠭᠠᠨ ᠤ ᠬᠤᠰᠢᠭᠤᠴᠢ ᠣᠷᠣᠨ ᠢ ᠬᠦᠴᠦᠯᠡᠨ ᠪᠠᠶᠢᠭᠤᠯᠵᠤ᠂ ︽ᠠᠹᠷᠢᠺᠠ ᠲᠢᠪ ᠤᠨ ᠳᠤᠮᠳᠠ ᠪᠠᠭ᠎ᠠ ᠠᠵᠤ ᠠᠬᠤᠶᠢᠯᠠᠯ ᠳᠤ ᠬᠦᠴᠦᠨ ᠣᠯᠭᠤᠬᠤ | ᠲᠥᠯᠥᠪᠯᠡᠭᠡ︾ ᠶᠢ ᠡᠬᠢᠯᠡᠭᠦᠯᠦᠨ᠎ᠡ᠃ ᠳᠤᠮᠳᠠᠳᠤ ᠠᠹᠷᠢᠺᠠ ᠶᠢᠨ ᠲᠣᠭᠠᠴᠢᠯᠠᠭᠰᠠᠨ ᠮᠡᠷᠭᠡᠵᠢᠯ ᠤᠨ ᠬᠠᠮᠲᠤᠷᠠᠯᠴᠠᠭᠠᠨ ᠤ ᠲᠥᠪ ᠢ ᠬᠠᠮᠲᠤ ᠪᠠᠷ ᠪᠠᠶᠢᠭᠤᠯᠵᠤ᠂ | ᠲᠣᠭᠠᠴᠢᠯᠠᠭᠰᠠᠨ ᠵᠢᠱᠢᠶ᠎ᠡ ᠦᠵᠡᠭᠦᠯᠭᠦ 20 ᠲᠦᠷᠦᠯ ᠵᠦᠢᠯ ᠢ ᠪᠠᠶᠢᠭᠤᠯᠤᠨ᠎ᠠ᠃ | ᠳᠥᠷᠪᠡᠳᠦᠭᠡᠷ ᠲᠤ᠂ ᠬᠤᠯᠪᠣᠯᠳᠤᠨ ᠨᠡᠪᠲᠡᠷᠡᠯᠴᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ 30 ᠲᠥᠷᠥᠯ ᠵᠦᠢᠯ ᠢ ᠬᠡᠷᠡᠭᠵᠢᠭᠦᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠶᠢ ᠭᠠᠷ ᠬᠤᠯᠪᠣᠯᠴᠠᠨ ᠠᠬᠢᠭᠤᠯᠵᠤ᠂ ᠡᠬᠡ ᠬᠠᠭᠤᠷᠠᠢ ᠪᠠ ᠲᠡᠯᠡᠶ ᠲᠠᠩᠭᠢᠰ ᠬᠤᠯᠪᠤᠭᠠᠯᠠᠨ ᠬᠥᠳᠡᠯᠦᠯᠴᠡᠭᠰᠡᠨ᠂ ᠬᠠᠮᠵᠢᠯᠴᠠᠨ ᠬᠥᠭᠵᠢᠭᠰᠡᠨ | ᠳᠤᠮᠳᠠᠳᠤ ᠠᠹᠷᠢᠺᠠ ᠶᠢᠨ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠤᠨ᠎ᠠ᠃ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠦᠭᠡᠲᠦ ᠠᠷᠠᠯᠵᠢᠶᠠᠨ ᠤ ᠣᠷᠣᠨ ᠤ | ᠪᠦᠲᠦᠭᠡᠨ ᠪᠠᠶᠢᠭᠤᠯᠤᠯᠲᠠ ᠳᠤ ᠬᠠᠪᠰᠤᠷᠤᠯᠭ᠎ᠠ ᠬᠠᠩᠭᠠᠵᠤ᠂ ᠪᠠᠷᠠᠭᠠᠨ ᠤ ᠭᠦᠢᠯᠭᠡᠭᠡ ᠪᠣᠯᠣᠨ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠠᠹᠷᠢᠺᠠ ᠲᠢᠪ ᠤᠨ ᠣᠷᠣᠨ ᠪᠦᠰᠡ ᠠᠯᠤᠰᠯᠠᠭᠰᠠᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠠᠪᠤᠳᠤᠭᠠᠷ ᠲᠤ᠂ ᠬᠥᠭᠵᠢᠯᠲᠡ ᠶᠢᠨ ᠬᠠᠮᠲᠤᠷᠠᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠠᠢ ᠬᠠᠮᠲᠤ ᠪᠠᠷ | ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠪᠣᠷᠣ ᠲᠥᠯᠥᠪ ᠤᠨ ᠳᠣᠲᠣᠷ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠬᠠᠮᠲᠤᠷᠠᠭᠰᠠᠨ | ᠢᠯᠡᠷᠬᠡᠶᠢᠯᠡᠯᠲᠡ ᠶᠢ ᠨᠡᠶᠢᠲᠡᠯᠡᠵᠦ᠂ ︽ᠪᠠᠭ᠎ᠠ ᠮᠥᠷᠲᠡᠭᠡᠨ ᠨᠠᠷᠢᠯᠢᠭ ᠰᠠᠶᠢᠬᠠᠨ︾ ᠠᠷᠠᠳ ᠤᠨ ᠠᠮᠢᠳᠤᠷᠠᠯ ᠤᠨ 1000 ᠲᠦᠷᠦᠯ ᠵᠦᠢᠯ ᠢ ᠬᠡᠷᠡᠭᠵᠢᠭᠦᠯᠦᠨ᠎ᠡ᠃ | ᠳᠤᠮᠳᠠᠳᠤ ᠤᠯᠤᠰ — ᠳᠡᠯᠡᠬᠡᠢ ᠶᠢᠨ ᠪᠠᠩᠬᠢ ᠶᠢᠨ ᠬᠠᠨᠢᠲᠠᠨ ᠤ ᠬᠠᠷᠢᠯᠴᠠᠭᠠᠨ ᠤ ᠰᠠᠭᠤᠷᠢ ᠮᠥᠩᠭᠦ ᠳᠤ ᠪᠡᠯᠡ ᠣᠷᠣᠭᠤᠯᠤᠨ᠎ᠠ᠃ 2026 ᠣᠨ ᠤ | ᠵᠠᠯᠠᠭᠤᠴᠤᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠪᠠ 2027 ᠣᠨ ᠤ ᠠᠹᠷᠢᠺᠠ ᠲᠢᠪ ᠬᠤᠨᠳᠠᠭᠠᠲᠤ ᠤᠷᠤᠯᠳᠤᠭᠠᠨ ᠢ ᠡᠷᠭᠢᠯᠡᠭᠦ ᠶᠢ ᠳᠡᠮᠵᠢᠵᠦ᠂ | ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠳᠤᠮᠳᠠᠳᠤ ᠠᠹᠷᠢᠺᠠ ᠶᠢᠨ ᠠᠷᠠᠳ ᠲᠦᠮᠡᠨ ᠳᠤ ᠨᠡᠩ ᠰᠠᠶᠢᠨ ᠠᠰᠢᠭ ᠬᠦᠷᠲᠡᠭᠡᠨ᠎ᠡ᠃ | ᠵᠢᠷᠭᠤᠳᠤᠭᠠᠷ ᠲᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ | ᠳᠤᠮᠳᠠᠳᠤ ᠠᠹᠷᠢᠺᠠ ᠶᠢᠨ ᠡᠮᠨᠡᠯᠭᠡ ᠶᠢᠨ ᠬᠤᠷᠢᠶ᠎ᠠ ᠶᠢᠨ ᠬᠤᠯᠪᠤᠭ᠎ᠠ ᠶᠢ ᠪᠠᠶᠢᠭᠤᠯᠵᠤ᠂ ᠬᠠᠮᠲᠤᠷᠠᠭᠰᠠᠨ ᠠᠨᠠᠭᠠᠬᠤ ᠤᠬᠠᠭᠠᠨ ᠤ ᠲᠥᠪ ᠢ ᠬᠠᠮᠲᠤ ᠪᠠᠷ ᠪᠠᠶᠢᠭᠤᠯᠤᠨ᠎ᠠ᠃ | ᠠᠹᠷᠢᠺᠠ ᠲᠢᠪ ᠲᠤ 2000 ᠡᠮᠴᠢᠯᠡᠭᠡᠨ ᠤ ᠠᠵᠢᠯᠲᠠᠨ ᠲᠣᠮᠢᠯᠠᠵᠤ᠂ ᠡᠮᠴᠢᠯᠡᠭᠡ ᠡᠷᠡᠭᠦᠯ ᠬᠠᠮᠠᠭᠠᠯᠠᠯ ᠪᠣᠯᠣᠨ ᠰᠢᠯᠦᠬᠡᠢ ᠡᠪᠡᠳᠴᠢᠨ ᠢ ᠡᠰᠡᠷᠭᠦᠴᠡᠬᠦ 20 ᠲᠦᠷᠦᠯ | ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠡᠮ ᠲᠠᠩ ᠤᠨ ᠦᠢᠯᠡᠳᠪᠦᠷᠢᠯᠡᠯ ᠳᠤ ᠪᠡᠯᠡ ᠣᠷᠣᠭᠤᠯᠬᠤ ᠶᠢ ᠠᠬᠢᠭᠤᠯᠵᠤ᠂ ᠠᠹᠷᠢᠺᠠ | ᠲᠢᠪ ᠲᠤ ᠲᠤᠯᠭᠠᠷᠠᠭᠰᠠᠨ ᠬᠢᠵᠢᠭ ᠤᠨ ᠪᠠᠶᠢᠳᠠᠯ ᠳᠤ ᠦᠷᠭᠦᠯᠵᠢᠯᠡᠨ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠠᠹᠷᠢᠺᠠ ᠲᠢᠪ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠤᠨ ᠡᠯ᠎ᠡ ᠤᠯᠤᠰ ᠤᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠲᠤ᠂ ᠲᠠᠷᠢᠶᠠᠯᠠᠩ ᠢ ᠬᠥᠭᠵᠢᠭᠦᠯᠦᠨ ᠠᠷᠠᠳ ᠲᠤ ᠠᠰᠢᠭ ᠬᠦᠷᠲᠡᠭᠡᠬᠦ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠠᠹᠷᠢᠺᠠ ᠲᠢᠪ ᠲᠤ 10 | ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠠᠮᠤ ᠪᠤᠳᠠᠭᠠᠨ ᠤ ᠪᠠᠴᠢᠮ ᠲᠤᠰᠠᠯᠠᠮᠵᠢ ᠬᠠᠩᠭᠠᠵᠤ᠂ 10 ᠲᠦᠮᠡᠨ ᠮᠦ ᠲᠠᠷᠢᠶᠠᠯᠠᠩ ᠤᠨ | ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠭᠦ ᠣᠷᠣᠨ ᠢ ᠪᠠᠶᠢᠭᠤᠯᠵᠤ᠂ 500 ᠲᠠᠷᠢᠶᠠᠯᠠᠩ ᠤᠨ ᠲᠤᠰᠬᠠᠢ ᠮᠡᠷᠭᠡᠵᠢᠯᠲᠡᠨ ᠲᠣᠮᠢᠯᠠᠨ᠂ ᠳᠤᠮᠳᠠᠳᠤ ᠠᠹᠷᠢᠺᠠ ᠶᠢᠨ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ ᠶᠢ ᠪᠠᠶᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ 500 ᠲᠥᠷᠥᠯ | ᠵᠦᠢᠯ ᠢ ᠬᠡᠷᠡᠭᠵᠢᠭᠦᠯᠦᠨ᠎ᠡ᠃ ᠳᠤᠮᠳᠠᠳᠤ ᠠᠹᠷᠢᠺᠠ ᠶᠢᠨ ᠠᠵᠤ ᠠᠬᠤᠶᠢᠯᠠᠯ ᠤᠨ ︽ᠥᠭᠡᠳᠡ ᠥᠭᠡᠳᠡ ᠠᠴᠠ ᠪᠠᠨ ᠲᠡᠮᠡᠦᠯᠵᠦ︾ ᠪᠡᠯᠡ ᠣᠷᠣᠭᠤᠯᠤᠨ ᠦᠢᠯᠡᠰ | ᠪᠣᠰᠬᠠᠬᠤ ᠶᠢ ᠵᠣᠷᠢᠭᠵᠢᠭᠤᠯᠵᠤ᠂ ᠠᠹᠷᠢᠺᠠ ᠲᠢᠪ ᠲᠤ 100 ᠲᠦᠮᠡ ᠠᠴᠠ ᠳᠡᠭᠡᠭᠰᠢ ᠠᠵᠢᠯ ᠤᠨ ᠪᠠᠶᠢᠷᠢ ᠡᠭᠦᠳᠴᠦ ᠥᠭᠭᠦᠨ᠎ᠡ᠃ | ᠨᠠᠢᠮᠠᠳᠤᠭᠠᠷ ᠲᠤ᠂ ᠰᠣᠶᠣᠯ ᠢᠷᠭᠡᠨᠰᠢᠯ ᠤᠨ ᠰᠣᠯᠢᠯᠴᠠᠭᠠᠨ ᠤ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠯᠦᠭᠡ ︽ | ᠢᠷᠡᠭᠡᠳᠦᠢ ᠶᠢᠨ ᠠᠹᠷᠢᠺᠠ ᠲᠢᠪ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ︾ ᠤᠨ ᠲᠥᠯᠥᠪᠯᠡᠭᠡ ᠶᠢ ᠭᠦᠨᠵᠡᠭᠡᠢ ᠠᠬᠢᠭᠤᠯᠵᠤ᠂ ᠢᠨᠵᠧᠨᠧᠷᠢᠩ ᠤᠨ ᠮᠡᠷᠭᠡᠵᠢᠯ ᠤᠨ | ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ︽ᠯᠦ ᠪᠠᠨ ᠦᠢᠯᠡᠳᠬᠡᠯ ᠤᠨ ᠭᠠᠵᠠᠷ︾ 10 ᠶᠢ ᠪᠠᠶᠢᠭᠤᠯᠤᠨ᠎ᠠ᠃ ᠠᠹᠷᠢᠺᠠ ᠲᠢᠪ ᠤᠨ ᠡᠮᠡᠭᠲᠡᠶᠢᠴᠦᠳ | ᠪᠣᠯᠣᠨ ᠵᠠᠯᠠᠭᠤᠴᠤᠳ ᠲᠤ ᠭᠤᠣᠯᠳᠠᠯᠭ᠎ᠠ ᠲᠠᠢ ᠬᠠᠨᠳᠤᠭᠤᠯᠤᠭᠰᠠᠨ᠂ ᠰᠤᠳᠤᠯᠤᠨ ᠰᠤᠷᠤᠯᠴᠠᠬᠤ ᠣᠷᠣᠨ ᠲᠤᠭ᠎ᠠ ᠶᠢ 6 ᠲᠦᠮᠡ ᠬᠠᠩᠭᠠᠨ᠎ᠠ᠃ ᠳᠤᠮᠳᠠᠳᠤ | ᠠᠹᠷᠢᠺᠠ ᠶᠢᠨ ︽ᠰᠣᠶᠣᠯ ᠤᠨ ᠲᠣᠷᠭᠠᠨ ᠵᠠᠮ︾ ᠤᠨ ᠲᠥᠯᠥᠪᠯᠡᠭᠡ ᠪᠠ ︽ᠷᠠᠳᠢᠣ᠋ ᠲᠧᠯᠸᠢᠰ ᠤᠨ ᠬᠠᠷᠠᠭ᠎ᠠ ᠰᠣᠨᠣᠰᠬᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ | ᠲᠥᠯᠥᠪᠯᠡᠭᠡ︾ ᠶᠢ ᠬᠠᠮᠲᠤ ᠪᠠᠷ ᠬᠡᠷᠡᠭᠵᠢᠭᠦᠯᠦᠨ᠎ᠡ᠃ 2026 ᠣᠨ ᠢ ︽ᠳᠤᠮᠳᠠᠳᠤ ᠠᠹᠷᠢᠺᠠ ᠶᠢᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ | ᠲᠣᠭᠲᠠᠭᠠᠨ᠎ᠠ᠃ | ᠶᠢᠰᠦᠳᠦᠭᠡᠷ ᠲᠤ᠂ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠲᠤ 30 ᠴᠡᠪᠡᠷ | ᠡᠨᠧᠷᠭᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠴᠠᠭ ᠠᠭᠤᠷ ᠤᠨ ᠡᠬᠢᠨ ᠤ ᠦᠶ᠎ᠡ ᠶᠢᠨ ᠤᠷᠢᠳᠴᠢᠯᠠᠨ ᠰᠡᠷᠡᠮᠵᠢᠯᠡᠭᠦᠯᠭᠦ ᠲᠤᠬᠠᠶᠢᠯᠠᠭᠰᠠᠨ ᠠᠵᠢᠯ ᠤᠨ ᠲᠠᠪᠴᠠᠩ ᠢ | ᠪᠠᠶᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ | ᠬᠠᠮᠲᠤᠷᠠᠯᠴᠠᠭ᠎ᠠ ᠥᠷᠨᠢᠭᠦᠯᠦᠨ᠎ᠡ᠃ ᠳᠤᠮᠳᠠᠳᠤ ᠠᠹᠷᠢᠺᠠ ᠶᠢᠨ ᠴᠥᠮ᠎ᠡ ᠶᠢᠨ ᠮᠡᠷᠭᠡᠵᠢᠯ ᠢ ᠨᠠᠶᠢᠷᠠᠮᠳᠠᠯ ᠢᠶᠠᠷ ᠠᠰᠢᠭᠯᠠᠬᠤ ᠶᠠᠷᠢᠶᠠᠨ ᠤ ᠲᠠᠪᠴᠠᠩ ᠢ ᠪᠠᠶᠢᠭᠤᠯᠵᠤ᠂ | ᠳᠠᠭᠠᠭᠤᠯᠢ ᠤᠳᠤᠨ ᠤ ᠠᠯᠤᠰ ᠰᠡᠷᠡᠯ᠂ ᠰᠠᠷᠠᠨ ᠪᠥᠮᠪᠥᠷᠴᠡᠭ ᠪᠠ ᠭᠦᠨ ᠣᠭᠲᠠᠷᠭᠤᠢ ᠶᠢ ᠬᠠᠶᠢᠨ ᠬᠡᠮᠵᠢᠬᠦ ᠬᠠᠮᠲᠤᠷᠠᠯᠴᠠᠭ᠎ᠠ ᠥᠷᠨᠢᠭᠦᠯᠵᠦ᠂ ᠠᠹᠷᠢᠺᠠ ᠲᠢᠪ ᠤᠨ | ᠪᠣᠬᠢᠷᠳᠤᠯ ᠦᠭᠡᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠠᠷᠪᠠᠳᠤᠭᠠᠷ ᠲᠤ᠂ ᠠᠮᠤᠷ ᠲᠦᠪᠰᠢᠨ ᠢ ᠬᠠᠮᠲᠤ ᠪᠠᠷ ᠴᠣᠭᠴᠠᠯᠠᠬᠤ ᠬᠠᠨᠢᠲᠠᠨ ᠤ | ᠠᠵᠢᠯᠯᠠᠭ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠶᠢᠨ ᠲᠠᠯ᠎ᠠ ᠲᠠᠢ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠨᠠᠶᠢᠳᠠᠪᠤᠷᠢᠵᠢᠭᠤᠯᠵᠤ᠂ ᠠᠹᠷᠢᠺᠠ ᠶᠢᠨ ᠲᠠᠯ᠎ᠠ ᠳᠤ 6000 ᠴᠡᠷᠢᠭ ᠠᠩᠭᠢ ᠶᠢᠨ ᠴᠢᠳᠠᠪᠤᠷᠢᠲᠠᠨ ᠪᠣᠯᠣᠨ 1000 ᠴᠠᠭᠳᠠᠭᠠᠨ ᠤ ᠶᠠᠪᠤᠳᠠᠯ ᠤᠨ | ᠬᠠᠤᠯᠢ ᠬᠡᠷᠡᠭᠵᠢᠭᠦᠯᠬᠦ ᠠᠵᠢᠯᠲᠠᠨ ᠢ ᠪᠣᠯᠪᠠᠰᠤᠷᠠᠭᠤᠯᠤᠨ ᠥᠭᠴᠦ᠂ 500 ᠵᠠᠯᠠᠭᠤ ᠴᠡᠷᠢᠭ ᠤᠨ ᠳᠠᠷᠤᠭ᠎ᠠ ᠶᠢ ᠤᠷᠢᠵᠤ ᠳᠤᠮᠳᠠᠳᠤ ᠤᠯᠤᠰ ᠲᠤ ᠠᠶᠢᠯᠴᠢᠯᠠᠭᠤᠯᠤᠨ᠎ᠠ᠃ | ᠳᠤᠮᠳᠠᠳᠤ ᠠᠹᠷᠢᠺᠠ ᠶᠢᠨ ᠴᠡᠷᠢᠭ ᠠᠨᠬᠭᠢ ᠶᠢᠨ ᠬᠠᠮᠲᠤᠷᠠᠭᠰᠠᠨ ᠰᠣᠷᠢᠯᠲᠠ ᠬᠠᠮᠲᠤᠷᠠᠭᠰᠠᠨ ᠪᠣᠯᠪᠠᠰᠤᠷᠠᠯ ᠪᠠ ᠬᠠᠮᠲᠤᠷᠠᠭᠰᠠᠨ ᠴᠠᠭᠳᠠᠨ ᠪᠠᠶᠢᠴᠠᠭᠠᠯᠲᠠ ᠶᠢ | ᠥᠷᠨᠢᠭᠦᠯᠵᠦ᠂ ︽ᠠᠹᠷᠢᠺᠠ ᠲᠢᠪ ᠤᠨ ᠠᠶᠤᠩᠭ᠎ᠠ ᠶᠢᠨ ᠠᠶᠤᠯ ᠠᠴᠠ ᠮᠤᠯᠲᠤᠷᠠᠬᠤ ᠳᠤ ᠲᠤᠰᠠᠯᠠᠬᠤ ᠠᠵᠢᠯᠯᠠᠭ᠎ᠠ︾ ᠶᠢ ᠬᠡᠷᠡᠭᠵᠢᠭᠦᠯᠵᠦ᠂ ᠠᠵᠢᠯᠲᠠᠨ ᠪᠠ ᠲᠦᠷᠦᠯ | ᠵᠦᠢᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ᠃ | ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ ᠶᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠳᠤᠮᠳᠠᠳᠤ ᠤᠯᠤᠰ ᠤᠨ ᠵᠠᠰᠠᠭ ᠤᠨ ᠣᠷᠳᠣᠨ ᠳᠤᠷᠠᠲᠠᠶ᠎ᠠ | ᠳᠤᠮᠳᠠᠳᠤ ᠠᠹᠷᠢᠺᠠ ᠶᠢᠨ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠳᠤ ᠬᠦᠴᠦᠲᠡᠢ ᠳᠡᠮᠵᠢᠯᠭᠡ ᠬᠠᠩᠭᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠲᠠ ᠬᠤᠷᠠᠯ ᠠᠴᠠ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠡᠢ᠃ ᠡᠨᠡ ᠨᠢ ᠳᠤᠮᠳᠠᠳᠤ ᠤᠯᠤᠰ ᠢ ᠤᠯᠠᠮ ᠨᠢᠭᠡ ᠠᠯᠬᠤᠮ ᠭᠦᠨᠵᠡᠭᠡᠢ | ᠬᠤᠪᠢᠷᠠᠭᠤᠯᠬᠤ ᠪᠥᠭᠡᠳ ᠠᠹᠷᠢᠺᠠ ᠲᠢᠪ ᠤᠨ ᠤᠯᠤᠰ ᠤᠳ ᠲᠤ ᠳᠤᠮᠳᠠᠳᠤ ᠠᠹᠷᠢᠺᠠ ᠶᠢᠨ ᠬᠠᠮᠲᠤ ᠪᠠᠷ ᠣᠳᠣᠬᠢᠴᠢᠯᠠᠯᠲᠠ ᠶᠢᠨ ᠵᠡᠭᠦᠳᠦ ᠶᠢ ᠬᠥᠭᠡᠭᠡᠴᠡᠯᠳᠦᠬᠦ ᠳᠤ | ᠰᠢᠨ᠎ᠡ ᠠᠵᠠ ᠲᠣᠭᠢᠶᠠᠯ ᠬᠠᠩᠭᠠᠵᠤ᠂ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠨᠢ ᠯᠠᠪᠲᠠᠢ ᠶᠤᠮ᠃ ᠠᠹᠷᠢᠺᠠ ᠲᠢᠪ ᠲᠤ ︽ᠵᠠᠮ ᠨᠢᠭᠡᠲᠡᠨ ᠪᠣᠯ ᠰᠠᠶ᠋ᠢ ᠵᠢᠩᠬᠢᠨᠢ | ᠨᠠᠶᠢᠵᠠ ᠮᠥᠨ︾ ᠭᠡᠰᠡᠨ ᠵᠦᠢᠷ ᠦᠭᠡ ᠪᠠᠶᠢᠳᠠᠭ᠃ ᠣᠳᠣᠬᠢᠴᠢᠯᠠᠯᠲᠠ ᠶᠢᠨ ᠵᠠᠮ ᠳᠡᠭᠡᠷ᠎ᠡ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ᠂ ᠨᠢᠭᠡ ᠤᠯᠤᠰ ᠢ ᠴᠤ | ᠬᠤᠴᠣᠷᠤᠭᠤᠯᠵᠤ ᠪᠤᠯᠬᠤ ᠦᠭᠡᠢ᠃ ᠪᠢᠳᠡ 28 ᠳ᠋ᠦᠩᠰᠢᠭᠤᠷ ᠭᠠᠷᠤᠢ ᠳᠤᠮᠳᠠᠳᠤ ᠠᠹᠷᠢᠺᠠ ᠶᠢᠨ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ᠂ ᠣᠳᠣᠬᠢᠴᠢᠯᠠᠯᠲᠠ ᠶᠢᠨ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠹᠷᠢᠺᠠ ᠶᠢᠨ ᠣᠳᠣᠬᠢᠴᠢᠯᠠᠯᠲᠠ ᠪᠠᠷ ᠪᠦᠭᠦ | ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠵᠦ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ | ᠳᠡᠭᠡᠷᠡᠬᠢ ᠴᠣ ᠰᠢᠨ᠎ᠡ ᠵᠢᠷᠤᠭ ᠲᠥᠰᠥᠪ ᠢ ᠵᠢᠷᠤᠭᠯᠠᠵᠤ᠂ ᠳᠡᠯᠡᠬᠡᠢ ᠳ᠋ᠠᠬᠢᠨ ᠤ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠶᠢᠨ ᠭᠡᠭᠡᠨ | ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠬᠠᠮᠲᠤ ᠪᠠᠷ ᠠᠬᠢᠭᠤᠯᠤᠶ᠎ᠠ ᠭᠡᠵᠦ ᠴᠢᠬᠤᠯᠠᠴᠢᠯᠠᠪᠠ᠃ ︵ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠨ᠎ᠡ︶ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠹᠠᠶᠧ᠂ | ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠮᠠᠦ᠋ᠷᠢᠲ᠋ᠠᠨᠢᠶ᠎ᠠ ᠶᠢᠨ ᠶᠡᠷᠦᠩᠬᠡᠶᠢᠯᠡᠭᠴᠢ ᠵᠢᠶᠠᠽᠸᠠᠨᠢ᠂ ᠠᠹᠷᠢᠺᠠ ᠲᠢᠪ ᠤᠨ | ᠳᠡᠳ᠋ ᠣᠷᠣᠨ ᠪᠦᠰᠡ ᠶᠢᠨ ᠲᠥᠯᠥᠭᠡᠯᠡᠭᠴᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠺᠣᠩᠭᠣ᠋ ︵ᠪᠷᠡᠽᠸᠢᠯ︶ ᠶᠢᠨ ᠶᠡᠷᠦᠩᠬᠡᠶᠢᠯᠡᠭᠴᠢ ᠰᠠᠰᠥ᠋᠂ | ᠨᠢᠭᠧᠷᠢᠶ᠎ᠠ ᠶᠢᠨ ᠶᠡᠷᠦᠩᠬᠡᠶᠢᠯᠡᠭᠴᠢ ᠲᠢᠨᠥ᠋ᠪᠦ᠋᠂ ᠲᠠᠨᠽᠠᠨᠢᠶ᠎ᠠ ᠶᠢᠨ ᠶᠡᠷᠦᠩᠬᠡᠶᠢᠯᠡᠭᠴᠢ ᠬᠠᠰᠠᠩ᠂ ᠲᠦᠷᠦᠭᠦᠴᠦᠳ ᠤᠨ ᠬᠤᠷᠠᠯ ᠤᠨ ᠣᠨᠴᠠ ᠤᠷᠢᠭᠰᠠᠨ ᠵᠣᠴᠢᠨ᠂ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠦ᠋ᠢᠰ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ | ᠵᠥᠪᠯᠡᠯ ᠤᠨ ᠲᠡᠷᠢᠭᠦᠯᠡᠭᠴᠢ ᠹᠠᠵᠢ ᠪᠠᠰᠠ ᠡᠭᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠬᠡᠯᠡᠪᠡ᠃ | ᠠᠹᠷᠢᠺᠠ ᠲᠢᠪ ᠤᠨ ᠬᠢᠨ ᠤ ᠤᠳᠤᠷᠢᠳᠬᠤ ᠬᠥᠮᠥᠰ ᠳᠤᠮᠳᠠᠳᠤ ᠤᠯᠤᠰ ᠤᠨ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ | ᠲᠠᠪᠴᠠᠩ ᠤᠨ ᠪᠡᠭᠡᠵᠢᠩ ᠤᠨ ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠰᠡᠨ ᠳᠤ ᠲᠠᠯᠠᠷᠬᠠᠵᠤ᠂ ᠠᠹᠷᠢᠺᠠ ᠳᠤᠮᠳᠠᠳᠤ ᠶᠢᠨ ᠭᠦᠨ ᠵᠤᠵᠠᠭᠠᠨ ᠤᠯᠠᠮᠵᠢᠯᠠᠯᠲᠤ | ᠨᠥᠬᠦᠷᠯᠡᠯ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ ᠠᠴᠠ ᠨᠠᠭᠠᠰᠢ ᠢᠯᠠᠩᠭᠤᠶ᠎ᠠ 2018 ᠣᠨ ᠤ | ᠪᠡᠭᠡᠵᠢᠩ ᠤᠨ ᠲᠦᠷᠦᠭᠦᠴᠦᠳ ᠤᠨ ᠬᠤᠷᠠᠯ ᠠᠴᠠ ᠨᠠᠭᠠᠰᠢ ᠣᠯᠣᠭᠰᠠᠨ ᠢᠳᠡᠪᠬᠢᠲᠡᠢ ᠦᠷ᠎ᠡ ᠪᠦᠲᠦᠭᠡᠯ ᠢ ᠳᠡᠭᠡᠳᠦ ᠬᠡᠮᠵᠢᠶ᠎ᠡ ᠪᠠᠷ ᠦᠨᠡᠯᠡᠵᠦ᠂ ᠲᠡᠷᠢᠭᠦᠯᠡᠭᠴᠢ | ᠰᠢ ᠶᠢᠨ ᠫᠢᠩ ᠤᠨ ᠳᠤᠷᠠᠳᠤᠭᠰᠠᠨ ᠳᠤᠮᠳᠠᠳᠤ ᠠᠹᠷᠢᠺᠠ ᠶᠢᠨ ᠭᠠᠷ ᠬᠤᠯᠪᠣᠯᠴᠠᠨ ᠣᠳᠣᠬᠢᠴᠢᠯᠠᠯᠲᠠ ᠶᠢ ᠠᠬᠢᠭᠤᠯᠬᠤ ︽ᠠᠷᠪᠠᠨ ᠶᠡᠭᠡ ᠬᠠᠨᠢᠲᠠᠨ ᠤ ᠠᠵᠢᠯᠯᠠᠭ᠎ᠠ︾ | ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠳᠡᠳᠡ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠠᠹᠷᠢᠺᠠ ᠳᠤᠮᠳᠠᠳᠤ ᠶᠢᠨ | ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠪᠦᠲᠦᠮᠵᠢᠲᠡᠢ ᠲᠠᠪᠴᠠᠩ ᠪᠤᠯᠬᠤ ᠪᠠᠷ ᠪᠠᠷᠠᠬᠤ ᠦᠭᠡᠢ ᠪᠠᠰᠠ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠬᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠪᠣᠯᠵᠠᠢ᠃ ᠶᠠᠷᠢᠶᠠᠨ ᠤ ᠲᠠᠪᠴᠠᠩ ᠤᠨ ᠬᠠᠮᠲᠤᠷᠠᠯᠴᠠᠭ᠎ᠠ ᠨᠢ ᠨᠥᠬᠦᠷᠯᠡᠯ᠂ | ᠬᠦᠨᠳᠦᠳᠬᠡᠯ ᠪᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠰᠠᠭᠤᠷᠢᠯᠠᠵᠤ᠂ ᠳᠤᠮᠳᠠᠳᠤ ᠤᠯᠤᠰ ᠤᠨ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ | ᠶᠠᠮᠠᠷᠪᠠ ᠤᠯᠤᠰ ᠲᠦᠷᠦ ᠶᠢᠨ ᠨᠡᠮᠡᠯᠲᠡ ᠨᠥᠬᠦᠴᠡᠯ ᠪᠠᠶᠢᠬᠤ ᠦᠭᠡᠢ ᠨᠢ ᠠᠹᠷᠢᠺᠠ ᠲᠢᠪ ᠤᠨ ᠤᠯᠤᠰ ᠤᠳ ᠤᠨ ᠬᠤᠯᠪᠣᠯᠳᠤᠨ ᠨᠡᠪᠲᠡᠷᠡᠯᠴᠡᠬᠦ ᠪᠠ ᠠᠵᠤ ᠠᠬᠤᠢ | ᠨᠡᠶᠢᠭᠡᠮ ᠤᠨ ᠬᠥᠭᠵᠢᠯᠲᠡ ᠶᠢ ᠶᠡᠭᠡ ᠪᠠᠷ ᠠᠬᠢᠭᠤᠯᠪᠠ᠃ ᠣᠳᠣᠬᠠᠨ ᠤ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ ᠳᠤᠮᠳᠠᠳᠤ ᠤᠯᠤᠰ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠨᠢ ᠠᠹᠷᠢᠺᠠ ᠲᠢᠪ ᠤᠨ ᠤᠯᠤᠰ ᠤᠳ ᠤᠨ ᠠᠮᠤᠷ ᠲᠦᠪᠰᠢᠨ᠂ ᠲᠣᠭᠲᠠᠭᠤᠨ ᠪᠠ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠬᠦ ᠬᠦᠰᠡᠯ ᠡᠷᠡᠮᠡᠯᠵᠡᠯ ᠪᠣᠯᠵᠠᠢ᠃ ᠠᠹᠷᠢᠺᠠ ᠳᠤᠮᠳᠠᠳᠤ ᠶᠢᠨ ᠣᠶᠢᠯᠠᠭᠠᠭᠳᠠᠬᠤᠨ ᠤᠶᠢᠷᠠᠯᠴᠠᠭ᠎ᠠ ᠶᠤᠮ᠃ ᠠᠹᠷᠢᠺᠠ ᠲᠢᠪ ᠤᠨ ᠬᠢᠨ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠴᠢᠬᠤᠯᠠ ᠣᠶᠢᠯᠠᠭᠠᠭᠳᠠᠬᠤᠨ ᠪᠣᠯᠣᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠬᠤ ᠶᠢᠨ ᠬᠠᠮᠲᠤ | ᠪᠦᠷᠢᠮᠦᠰᠦᠨ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠰᠠᠨᠠᠭᠠᠴᠢᠯᠠᠵᠤ᠂ ᠡᠯ᠎ᠡ | ᠤᠯᠤᠰ ᠤᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠶᠢ ᠲᠡᠮᠵᠢᠨ᠎ᠠ᠃ ᠠᠹᠷᠢᠺᠠ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠨᠢᠭᠡᠳᠦᠯ ᠢ | ᠪᠡᠶᠡᠯᠡᠭᠦᠯᠬᠦ ᠶᠢᠨ ᠲᠥᠯᠥᠭᠡ ᠭᠠᠷᠭᠠᠭᠰᠠᠨ ᠠᠯᠢᠪᠠ ᠴᠢᠷᠮᠠᠶᠢᠯᠭ᠎ᠠ ᠶᠢ ᠡᠷᠡᠰ ᠳᠡᠮᠵᠢᠵᠦ᠂ ᠭᠠᠳᠠᠭᠠᠳᠤ ᠶᠢᠨ ᠬᠦᠴᠦᠨ ᠤ ᠲᠠᠶᠢᠸᠠᠨ᠂ ᠬᠥᠮᠥᠨ ᠤ ᠡᠷᠬᠡ ᠵᠡᠷᠭᠡ | ᠠᠰᠠᠭᠤᠳᠠᠯ ᠢ ᠠᠰᠢᠭᠯᠠᠨ ᠳᠤᠮᠳᠠᠳᠤ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠷᠡᠰ ᠡᠰᠡᠷᠭᠦᠴᠡᠨ᠎ᠡ᠃ ᠠᠹᠷᠢᠺᠠ ᠲᠢᠪ ᠤᠨ ᠬᠢᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ | ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠨᠢ ᠠᠹᠷᠢᠺᠠ ᠲᠢᠪ ᠤᠨ ᠤᠯᠤᠰ ᠤᠳ ᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠨᠡᠩ ᠤᠯᠠᠨ | ᠬᠥᠭᠵᠢᠯᠲᠡ ᠶᠢᠨ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ᠃ ᠠᠹᠷᠢᠺᠠ ᠲᠢᠪ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠶᠢᠷᠠᠮᠳᠠᠯ ᠢᠶᠠᠷ | ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠳᠤᠮᠳᠠᠳᠤ ᠠᠹᠷᠢᠺᠠ ᠶᠢᠨ ᠨᠥᠭᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠷᠢᠮᠲᠠᠯᠠᠵᠤ᠂ | ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢᠵᠢᠯᠲᠡ ᠪᠣᠯᠣᠨ ᠬᠥᠳᠡᠭᠡ | ᠠᠵᠤ ᠠᠬᠤᠢ ᠶᠢᠨ ᠣᠳᠣᠬᠢᠴᠢᠯᠠᠯᠲᠠ ᠶᠢ ᠭᠠᠷ ᠬᠤᠯᠪᠣᠨ ᠠᠬᠢᠭᠤᠯᠵᠤ᠂ ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠤ ᠠᠹᠷᠢᠺᠠ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ | ᠲᠡᠶᠢᠰᠢ ᠬᠠᠮᠲᠤ ᠪᠠᠷ ᠤᠷᠤᠭᠰᠢᠯᠠᠨ᠎ᠠ ᠭᠡᠵᠦ ᠢᠯᠡᠳᠬᠡᠵᠡᠭᠡᠪᠡ᠃ | ᠲᠦᠷᠦᠭᠦᠴᠦᠳ ᠤᠨ ᠬᠤᠷᠠᠯ ᠠᠴᠠ ︽ᠰᠢᠨ᠎ᠡ ᠴᠠᠭ ᠦᠶ᠎ᠡ ᠶᠢᠨ ᠴᠠᠭ ᠮᠥᠴᠡ ᠪᠦᠭᠦᠨ ᠳᠤ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠪᠡᠭᠡᠵᠢᠩ ᠤᠨ ᠲᠤᠩᠬᠠᠭ︾᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ — | ᠪᠡᠭᠡᠵᠢᠩ ᠤᠨ ᠠᠵᠢᠯᠯᠠᠭᠠᠨ ᠤ ᠲᠥᠯᠥᠪᠯᠡᠭᠡ ︵2025 — 2027︶︾ ᠶᠢ ᠪᠠᠲᠤᠯᠠᠪᠠ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠶᠢᠨ ᠲᠠᠯ᠎ᠠ ᠶᠢᠨ ᠪᠦᠷᠢᠯᠳᠦᠭᠦᠨ ᠤᠯᠤᠰ ᠤᠨ ᠲᠡᠷᠢᠭᠦᠨ᠂ ᠵᠠᠰᠠᠭ ᠤᠨ | ᠣᠷᠳᠣᠨ ᠤ ᠲᠦᠷᠦᠭᠦᠴᠦᠳ᠂ ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠵᠢᠴᠢ ᠤᠯᠠᠨ ᠤᠯᠤᠰ ᠤᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ | ᠬᠠᠷᠢᠭᠤᠴᠠᠯᠭᠠᠲᠠᠨ ᠵᠡᠷᠭᠡ ᠳᠤᠮᠳᠠᠳᠤ ᠭᠠᠳᠠᠭᠠᠳᠤ ᠶᠢᠨ ᠡᠯ᠎ᠡ ᠡᠲᠡᠭᠡᠳ ᠤᠨ 3200 ᠭᠠᠷᠤᠢ ᠬᠥᠮᠥᠨ ᠡᠭᠢᠯᠡᠯᠲᠡ ᠶᠢᠨ ᠶᠣᠰᠣᠯᠠᠯ ᠳᠤ ᠣᠷᠣᠯᠴᠠᠪᠠ᠃ | ᠶᠢᠨ ᠯᠢ᠂ ᠯᠢ ᠱᠤ᠋ ᠯᠧᠢ᠂ ᠾᠧ ᠯᠢ ᠹᠧᠩ᠂ ᠸᠠᠩ ᠰᠢᠶᠣᠣ ᠬᠤᠩ ᠨᠠᠷ ᠬᠤᠷᠠᠯ ᠳᠤ ᠣᠷᠣᠯᠴᠠᠪᠠ᠃ | ᠸᠠᠩ ᠢ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ 2000 ᠣᠨ ᠳᠤ ᠪᠠᠶᠢᠭᠤᠯᠤᠭᠳᠠᠵᠤ᠂ ᠣᠳᠣᠬᠠᠨ ᠳᠤ ᠳᠤᠮᠳᠠᠳᠤ ᠤᠯᠤᠰ᠂ | ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠹᠷᠢᠺᠠ ᠲᠢᠪ ᠤᠨ 53 ᠤᠯᠤᠰ ᠪᠠ ᠠᠹᠷᠢᠺᠠ ᠲᠢᠪ ᠤᠨ ᠤᠯᠤᠰ ᠤᠳ ᠤᠨ ᠬᠤᠯᠪᠣᠭᠠᠨ ᠤ | ᠵᠥᠪᠯᠡᠯ ᠵᠡᠷᠭᠡ ᠨᠡᠶᠢᠲᠡ 55 ᠪᠦᠷᠢᠯᠳᠦᠭᠦᠨ ᠪᠠᠶᠢᠨ᠎ᠠ᠃ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠤᠨ ᠭᠤᠣᠯ ᠰᠡᠳᠦᠪ ᠨᠢ ︽ᠭᠠᠷ ᠬᠤᠯᠪᠣᠨ | ᠣᠳᠣᠬᠢᠴᠢᠯᠠᠯᠲᠠ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ | ᠪᠠᠶᠢᠭᠤᠯᠤᠶ᠎ᠠ︾ ᠪᠣᠯᠣᠨ᠎ᠠ᠃ ᠡᠭᠢᠯᠡᠯᠲᠡ ᠶᠢᠨ ᠶᠣᠰᠣᠯᠠᠯ ᠤᠨ ᠳᠠᠷᠠᠭ᠎ᠠ ᠪᠠᠰᠠ ᠲᠦᠷᠦ ᠶᠢ ᠵᠠᠰᠠᠵᠤ ᠵᠠᠰᠠᠭ ᠢ ᠡᠷᠭᠢᠯᠡᠭᠦ᠂ ᠠᠵᠤ ᠦᠢᠯᠡᠳᠪᠦᠷᠢᠵᠢᠯᠲᠡ ᠪᠣᠯᠣᠨ | ᠲᠠᠷᠢᠶᠠᠯᠠᠩ ᠤᠨ ᠣᠳᠣᠬᠢᠴᠢᠯᠠᠯᠲᠠ᠂ ᠡᠩᠬᠡ ᠲᠠᠶᠢᠪᠤᠩ ᠠᠮᠤᠷ ᠲᠦᠪᠰᠢᠨ ᠪᠣᠯᠣᠨ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ | ᠪᠠᠶᠢᠭᠤᠯᠬᠤ ᠪᠠᠷ ᠭᠤᠣᠯ ᠰᠡᠳᠦᠪ ᠪᠤᠯᠭᠠᠬᠰᠠᠨ 4 ᠲᠠᠯᠠᠪᠤᠷ ᠳᠡᠭᠡᠳᠦ ᠲᠡᠰ ᠤᠨ ᠬᠤᠷᠠᠯ ᠬᠤᠷᠠᠯᠳᠤᠭᠤᠯᠤᠨ᠎ᠠ᠃ | |