ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 8 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠲᠥᠯᠥᠭᠡᠯᠡᠭᠴᠢᠳ ᠤᠨ ᠪᠦᠯᠬᠦᠮ ᠳᠤ᠄ | 17 ᠳ᠋ᠤᠭᠠᠷ ᠬᠤᠭᠤᠴᠠᠭᠠᠨ ᠤ ᠵᠣᠨ ᠤ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠮᠠᠨ ᠤ ᠤᠯᠤᠰ ᠤᠨ ᠵᠡᠮᠳᠡᠭ | ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠵᠦ᠂ ᠡᠷᠡᠯᠬᠡᠭᠯᠡᠨ ᠴᠢᠷᠮᠠᠶᠢᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ 94 ᠠᠯᠲᠠᠨ ᠮᠧᠳᠠᠯ᠂ 76 ᠮᠥᠩᠭᠦᠨ | ᠮᠧᠳᠠᠯ᠂ 50 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠣᠯᠵᠤ᠂ ᠤᠷᠤᠯᠳᠤᠭᠠᠨ ᠤ ᠬᠢᠷᠢ ᠪᠦᠲᠦᠮᠵᠢ ᠪᠠ ᠣᠶᠣᠨ ᠤ ᠪᠣᠯᠪᠠᠰᠤᠨ ᠤ ᠬᠤᠣᠰ ᠡᠯᠪᠡᠭ | ᠬᠤᠷᠢᠶᠠᠯᠲᠠ ᠶᠢ ᠣᠯᠵᠤ᠂ ᠡᠬᠡ ᠤᠯᠤᠰ ᠪᠠ ᠠᠷᠠᠳ ᠲᠦᠮᠡᠨ ᠳᠡᠭᠡᠨ ᠥᠩᠭᠡ ᠭᠡᠷᠡᠯ ᠣᠯᠭᠤᠭᠰᠠᠨ ᠪᠠᠶᠢᠨ᠎ᠠ᠃ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ | ᠶᠠᠪᠤᠳᠠᠯ ᠤᠨ ᠬᠤᠷᠢᠶ᠎ᠠ ᠲᠠ ᠨᠠᠷ ᠲᠤ ᠬᠠᠯᠠᠭᠤᠨ ᠪᠠᠶᠠᠷ ᠬᠦᠷᠭᠡᠬᠦ ᠶᠢᠨ ᠬᠠᠮᠲᠤ ᠳᠣᠲᠣᠨᠣ ᠪᠠᠷ ᠲᠣᠬᠤᠨᠢᠭᠤᠯᠵᠤ ᠪᠠᠶᠢᠨ᠎ᠠ︕ | ᠲᠣᠰ ᠬᠤᠭᠤᠴᠠᠭᠠᠨ ᠤ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠤ᠂ ᠲᠠ ᠨᠠᠷ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ | ᠪᠠᠲᠤ ᠴᠡᠭᠡᠵᠢᠯᠡᠵᠦ᠂ ︽ᠡᠭᠦᠷᠭᠡ ᠬᠠᠷᠢᠭᠤᠴᠠᠯᠭ᠎ᠠ ᠪᠠᠨ ᠮᠥᠷᠥᠨ ᠳᠡᠭᠡᠨ ᠡᠭᠦᠷᠭᠡᠯᠡᠵᠦ᠂ ᠴᠢᠷᠮᠠᠶᠢᠨ ᠲᠡᠮᠡᠴᠡᠬᠦ ᠳᠤ ᠪᠢ ᠪᠣᠢ︾ ᠭᠡᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠤᠭᠤᠷᠠᠰᠢ ᠦᠭᠡᠢ ᠰᠤᠷᠲᠠᠯ ᠪᠣᠯᠣᠨ ᠭᠠᠷᠮᠠᠭᠠᠢ ᠢᠯᠡᠷᠡᠯ ᠢᠶᠠᠷ ᠮᠠᠨ ᠤ ᠤᠯᠤᠰ ᠤᠨ ᠵᠡᠮᠳᠡᠭᠴᠦᠳ ᠤᠨ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠨ᠎ᠡ ᠥᠨᠳᠥᠷᠴᠡ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠵᠡᠮᠳᠡᠭᠴᠦᠳ ᠤᠨ ᠦᠢᠯᠡᠰ ᠤᠨ | ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠢᠯᠡᠷᠡᠭᠦᠯᠪᠡ᠃ ᠲᠠ ᠨᠠᠷ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠪᠣᠯᠣᠨ ᠵᠡᠮᠳᠡᠭᠴᠦᠳ ᠤᠨ | ᠣᠯᠢᠮᠫᠢᠺ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠢᠰᠦᠯᠳᠦᠭᠡᠨ ᠵᠠᠷᠯᠠᠵᠤ᠂ ᠭᠠᠷᠮᠠᠭᠠᠢ ᠶᠢ ᠬᠥᠭᠡᠭᠡᠴᠡᠯᠳᠦᠵᠦ᠂ ᠢᠲᠡᠭᠡᠯ ᠲᠠᠢ ᠪᠠᠶᠠᠰᠤᠩᠭᠤᠢ᠂ | ᠨᠡᠭᠡᠭᠡᠯᠲᠡᠲᠡᠢ ᠨᠥᠬᠦᠷᠰᠡᠭ ᠪᠠᠶᠢᠵᠤ᠂ ᠪᠥᠬᠦ ᠳᠡᠯᠡᠬᠡᠢ ᠳᠤ ᠳᠤᠮᠳᠠᠳᠤ ᠤᠯᠤᠰ ᠤᠨ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠳᠦᠷᠢ ᠲᠥᠷᠬᠦ ᠶᠢ ᠢᠯᠡᠷᠡᠭᠦᠯᠪᠡ | ᠃ ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠡᠮᠦᠨ᠎ᠡ ᠠᠴᠠ ᠣᠮᠣᠭᠰᠢᠵᠤ ᠪᠠᠶᠢᠨ᠎ᠠ︕ | ᠲᠠ ᠨᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠢᠷᠠᠭᠤ | ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠶᠢ ᠵᠣᠷᠢᠭᠲᠠᠢ ᠡᠭᠦᠳᠴᠦ᠂ | ᠥᠷᠭᠡᠨ ᠣᠯᠠᠨ ᠵᠡᠮᠳᠡᠭᠴᠦᠳ ᠤᠨ ᠢᠳᠡᠪᠬᠢᠲᠡᠢ ᠪᠠᠷ ᠡᠷᠡᠭᠦᠯᠵᠢᠨ ᠪᠡᠶ᠎ᠡ ᠪᠠᠨ ᠴᠢᠭᠢᠷᠠᠭᠵᠢᠭᠤᠯᠬᠤ ᠶᠢ ᠵᠣᠷᠢᠭᠵᠢᠭᠤᠯᠵᠤ᠂ ᠣᠶᠣᠨ ᠤᠬᠠᠭᠠᠨ ᠠᠪᠢᠶᠠᠰ | ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠭᠡᠷᠡᠢ︔ ᠨᠡᠶᠢᠭᠡᠮ ᠳᠠᠶᠠᠭᠠᠷ ᠤᠨ ᠢᠲᠡᠭᠡᠯ | ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ᠂ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤᠮᠳᠠ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠶᠢ ᠬᠦᠰᠡᠵᠦ ᠪᠠᠶᠢᠨ᠎ᠠ᠃ | ᠡᠬᠡ ᠤᠯᠤᠰ ᠪᠣᠯᠣᠨ ᠠᠷᠠᠳ ᠲᠦᠮᠡᠨ ᠴᠢᠨᠢ ᠲᠠ ᠨᠠᠷ ᠤᠨ ᠠᠮᠤᠷ ᠲᠦᠪᠰᠢᠨ ᠢᠶᠠᠷ ᠭᠠᠨᠵᠤᠭ᠎ᠠ ᠳᠦᠭᠦᠷᠡᠩ ᠪᠤᠴᠠᠵᠤ ᠢᠷᠡᠬᠦ ᠶᠢ ᠬᠦᠰᠡᠨ ᠬᠦᠯᠢᠶᠡᠵᠦ | ᠪᠠᠶᠢᠨ᠎ᠠ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ | ᠲᠥᠷᠥ ᠶᠢᠨ ᠶᠠᠪᠤᠳᠠᠯ ᠤᠨ ᠬᠤᠷᠢᠶ᠎ᠠ | 2024 ᠣᠨ ᠤ 9 ᠰᠠᠷ᠎ᠠ ᠶᠢᠨ 8 ᠤ ᠡᠳᠦᠷ | | |